ᠵᠣᠩ ᠤᠣᠯᠢᠮ ᠪᠡᠷᠵᠧᠰ
(JOHN WILLIAM BURGESS)
ᠠᠮᠧᠷᠢᠺᠠ ᠳᠠᠬᠢ ᠤᠯᠤᠰ ᠲᠥᠷᠥ ᠶᠢᠨ ᠰᠢᠨᠵᠢᠯᠡᠬᠦ ᠤᠬᠠᠭᠠᠨ ᠢ ᠦᠨᠳᠦᠰᠦᠯᠡᠭᠴᠢ᠂ ᠺᠣᠯᠤᠮᠪᠤ ᠶᠢᠨ ᠶᠡᠬᠡ ᠰᠤᠷᠭᠠᠭᠤᠯᠢ ᠶᠢᠨ ᠫᠷᠣᠹᠧᠰᠰᠣᠷ ᠵᠣᠩ ᠤᠣᠯᠢᠮ ᠪᠡᠷᠵᠧᠰ 1844 ᠣᠨ ᠤ ᠨᠠᠶᠢᠮᠠᠳᠤᠭᠠᠷ ᠰᠠᠷ᠎ᠠ ᠶᠢᠨ 26 ᠨᠳ ᠲᠡᠩᠨᠢᠰᠢ ᠮᠤᠵᠢ ᠤᠯᠤᠰ ᠤᠨ ᠺᠣᠷᠨᠰᠪᠡᠯᠯ ᠬᠣᠲᠣᠩ ᠢᠶᠠᠨ ᠲᠣᠮᠠᠰ ᠲ᠃ ᠪᠡᠷᠵᠧᠰ᠂ ᠮᠡᠷᠢ ᠵᠢᠦ᠋ᠳᠢ ᠡᠳ᠋ᠪᠠᠷᠳᠠᠰ ᠨᠠᠷ ᠤᠨ ᠭᠡᠷ ᠲᠦ ᠮᠡᠨᠳᠦᠯᠡᠵᠡᠢ᠃ ᠵᠣᠩ ᠪᠡᠷᠵᠧᠰ ᠤᠨ ᠡᠪᠦᠭᠡ 1630 ᠣᠨ ᠳᠤ ᠮᠠᠰᠰᠠᠴᠢᠰᠡᠲᠲ᠋ᠰᠲ ᠰᠠᠭᠤᠷᠢᠰᠢᠭᠰᠠᠨ ᠲᠣᠮᠠᠰ ᠪᠡᠷᠵᠧᠰ ᠭᠡᠭᠴᠢ ᠪᠥᠭᠡᠳ ᠪᠣᠭᠣᠯ ᠤᠨ ᠬᠤᠳᠠᠯᠳᠤᠭ᠎ᠠ ᠪᠠᠷ ᠬᠥᠷᠦᠩᠭᠡᠵᠢᠭᠰᠡᠨ ᠨᠢᠭᠡᠨ ᠪᠠᠶᠢᠪᠠ᠃ ᠰᠣᠨᠢᠷᠬᠠᠭᠤᠯᠬᠤ ᠳᠤ᠂ ᠵᠣᠩ ᠪᠡᠷᠵᠧᠰ ᠠᠮᠧᠷᠢᠺᠠ ᠶᠢᠨ ᠢᠷᠭᠡᠨ ᠦ ᠳᠠᠶᠢᠨ ᠤ ᠦᠶ᠎ᠡ ᠳᠦ ᠬᠣᠯᠪᠣᠭᠠᠲᠠᠨ ᠤ ᠠᠷᠮᠢ ᠳᠤ ᠦᠢᠯᠡᠴᠢᠯᠡᠵᠦ ᠪᠠᠶᠢᠴᠠᠢ᠃ 1867 ᠣᠨ ᠳᠤ ᠡᠮᠬᠧᠷᠰ ᠲᠦ ᠺᠣᠯᠯᠧᠵᠢ ᠶᠢ ᠲᠡᠦᠬᠡ ᠶᠢᠨ ᠴᠢᠭᠯᠡᠯ ᠢᠶᠡᠷ ᠰᠤᠷᠤᠯᠴᠠᠵᠤ ᠳᠦᠭᠦᠷᠭᠡᠭᠡᠳ 1871-1873 ᠣᠨ ᠨᠤᠭᠤᠳ ᠲᠤ ᠭᠧᠷᠮᠠᠨ ᠤ ᠬᠡᠲᠦᠲᠢᠩᠭᠢᠨ᠂ ᠯᠡᠶᠢᠫᠼᠢᠭ᠂ ᠪᠧᠷᠯᠢᠨ ᠤ ᠶᠡᠬᠡ ᠰᠤᠷᠭᠠᠭᠤᠯᠢ ᠳᠤ ᠬᠠᠤᠯᠢ ᠴᠠᠭᠠᠵᠠ᠂ ᠲᠡᠦᠬᠡ᠂ ᠤᠯᠤᠰ ᠲᠥᠷᠥ ᠶᠢᠨ ᠰᠢᠨᠵᠢᠯᠡᠬᠦ ᠤᠬᠠᠭᠠᠨ ᠢᠶᠠᠷ ᠳᠠᠪᠲᠠᠨ ᠰᠤᠷᠤᠯᠴᠠᠭᠰᠠᠨ ᠪᠠᠶᠢᠨ᠎ᠠ᠃ 1873 ᠣᠨ ᠳᠤ ᠡᠬᠡ ᠣᠷᠣᠨ ᠳᠤ ᠪᠠᠨ ᠡᠷᠭᠢᠨ ᠢᠷᠡᠭᠡᠳ ᠡᠮᠬᠧᠷᠰ ᠲᠦ ᠺᠣᠯᠯᠧᠵᠢ ᠳᠤ ᠪᠠᠭᠰᠢᠯᠠᠭᠰᠠᠨ ᠪᠣᠯᠪᠠᠴᠤ ᠤᠳᠠᠯ ᠦᠭᠡᠢ ᠺᠣᠯᠤᠮᠪᠤ ᠶᠢᠨ ᠺᠣᠯᠯᠧᠵᠢ ᠷᠤ ᠰᠢᠯᠵᠢᠭᠰᠡᠨ ᠪᠠᠶᠢᠨ᠎ᠠ᠃ ᠥᠭᠡᠷ᠎ᠡ ᠪᠡᠷ ᠬᠡᠯᠡᠪᠡᠯ᠂ ᠪᠡᠷᠵᠧᠰ ᠠᠪᠤᠭᠠᠢ 1876-1912 ᠣᠨ ᠬᠦᠷᠲᠡᠯ᠎ᠡ ᠺᠣᠯᠤᠮᠪᠤ ᠶᠢᠨ ᠺᠣᠯᠯᠧᠵᠢ ᠪᠣᠯᠤᠨ ᠶᠡᠬᠡ ᠰᠤᠷᠭᠠᠭᠤᠯᠢ ᠳᠤ ᠪᠠᠭᠰᠢᠯᠠᠵᠠᠢ᠃ 1880 ᠣᠨ ᠳᠤ ᠺᠣᠯᠤᠮᠪᠤ ᠶᠢᠨ ᠶᠡᠬᠡ ᠰᠤᠷᠭᠠᠭᠤᠯᠢ ᠶᠢᠨ ᠳᠡᠷᠭᠡᠳᠡ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠰᠤᠷᠭᠠᠭᠤᠯᠢ (School of Political Science) ᠪᠠᠶᠢᠭᠤᠯᠵᠤ᠂ ᠮᠥᠨ ᠣᠨᠳᠣᠣ ᠠᠮᠧᠷᠢᠺᠠ ᠶᠢᠨ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠠᠺᠠᠳᠧᠮᠢ ᠶᠢᠨ ᠦᠢᠯᠡ ᠠᠵᠢᠯᠯᠠᠭ᠎ᠠ ᠶᠢ ᠡᠬᠢᠯᠡᠭᠦᠯᠦᠭᠰᠡᠨ᠃ 1886 ᠣᠨ ᠤ ᠭᠤᠷᠪᠠᠳᠤᠭᠠᠷ ᠰᠠᠷ᠎ᠠ ᠠᠴᠠ ᠨᠶᠤ-ᠢᠣᠷᠺ ᠤᠨ ᠬᠡᠪᠯᠡᠯ ᠦᠨ ᠦᠢᠯᠡᠳᠪᠦᠷᠢ ᠶᠢᠨ ᠡᠵᠡᠨ ᠲᠡᠢ ᠬᠠᠮᠲᠤᠷᠠᠵᠤ ᠨᠡᠶᠢᠲᠡ ᠶᠢᠨ ᠤᠳᠤᠷᠢᠳᠤᠯᠭ᠎ᠠ᠂ ᠲᠥᠷᠦ ᠶᠢᠨ ᠪᠣᠳᠣᠯᠭ᠎ᠠ᠂ ᠤᠯᠤᠰ ᠲᠥᠷᠦ ᠶᠢᠨ ᠰᠢᠨᠵᠢᠯᠡᠬᠦ ᠤᠬᠠᠭᠠᠨ ᠤ ᠴᠢᠭᠯᠡᠯ ᠦᠨ ᠦᠭᠦᠯᠡᠯ ᠨᠡᠶᠢᠳᠡᠯᠡᠬᠦ ᠠᠮᠧᠷᠢᠺᠠ ᠶᠢᠨ ᠠᠩᠬᠠᠨ ᠤ ᠰᠡᠳᠬᠦᠯ ᠫᠣᠯᠢᠲ᠋ᠢᠺᠠᠯ ᠰᠺᠠᠶᠢᠨᠰ ᠺᠣᠦᠷᠲ᠋ᠧᠯᠢ (Political Science Quarterly) ᠍ ᠢ ᠡᠷᠬᠢᠯᠡᠨ ᠭᠠᠷᠭᠠᠬᠤ ᠪᠣᠯᠵᠠᠢ (John William Burgess᠂ 2016)᠃
ᠠᠮᠧᠷᠢᠺᠠ ᠳᠤ ᠤᠯᠤᠰ ᠲᠥᠷᠦ ᠶᠢᠨ ᠰᠢᠨᠵᠢᠯᠡᠬᠦ ᠤᠬᠠᠭᠠᠨ ᠢ ᠬᠡᠨ ᠠᠩᠬ᠎ᠠ ᠬᠥᠭᠵᠢᠭᠦᠯᠦᠭᠰᠡᠨ ᠲᠤᠬᠠᠢ ᠳᠤ ᠰᠤᠳᠤᠯᠤᠭᠠᠴᠢᠳ ᠤᠨ ᠳᠤᠮᠳᠠ ᠨᠢᠭᠡᠳᠦᠭᠰᠡᠨ ᠪᠠᠶᠢᠷᠢ ᠰᠠᠭᠤᠷᠢ ᠥᠨᠥᠳᠥᠷ ᠢ ᠬᠦᠷᠲᠡᠯ᠎ᠡ ᠲᠥᠯᠦᠪᠰᠢᠵᠦ ᠬᠠᠷᠠᠬᠠᠨ ᠴᠢᠳᠠᠭ᠎ᠠ ᠦᠭᠡᠢ ᠪᠠᠶᠢᠨ᠎ᠠ᠃ ᠨᠢᠭᠡ ᠬᠡᠰᠡᠭ ᠰᠤᠳᠤᠯᠤᠭᠠᠴᠢᠳ ᠭᠧᠷᠮᠠᠨ-ᠠᠮᠧᠷᠢᠺᠠ ᠶᠢᠨ ᠡᠷᠳᠡᠮᠲᠡᠨ᠂ ᠺᠣᠯᠤᠮᠪᠤ ᠶᠢᠨ ᠺᠣᠯᠯᠧᠵᠢ ᠶᠢᠨ ᠫᠷᠣᠹᠧᠰᠰᠣᠷ ᠹᠷᠡᠩᠰᠢᠰ ᠯᠢᠪᠦᠷ (Francis Lieber) ᠍ ᠢ ᠨᠡᠷ᠎ᠡ ᠴᠣᠬᠣᠳᠠᠭ ᠪᠣᠯ ᠨᠥᠭᠥᠭᠡ ᠬᠡᠰᠡᠭ ᠰᠤᠳᠤᠯᠤᠭᠠᠴᠢᠳ ᠨᠢ ᠪᠡᠷᠵᠧᠰ ᠤᠨ ᠨᠡᠷ᠎ᠡ ᠲᠡᠢ ᠬᠣᠯᠪᠣᠨ ᠲᠠᠶᠢᠯᠪᠤᠷᠢᠯᠠᠭᠰᠠᠨ ᠪᠠᠶᠢᠳᠠᠭ᠃ ᠶᠠᠭᠤᠲᠠᠢ ᠴᠤ᠂ ᠹ᠃ ᠯᠢᠪᠦᠷ 1858 ᠣᠨ ᠳᠤ ᠺᠣᠯᠤᠮᠪᠤ ᠶᠢᠨ ᠺᠣᠯᠯᠧᠵᠢ ᠳᠤ ᠲᠡᠦᠬᠡ᠂ ᠤᠯᠤᠰ ᠲᠥᠷᠦ ᠶᠢᠨ ᠰᠢᠨᠵᠢᠯᠡᠬᠦ ᠤᠬᠠᠭᠠᠨ ᠤ ᠲᠢᠩᠬᠢᠮ ᠪᠠᠶᠢᠭᠤᠯᠵᠤ᠂ ᠤᠯᠤᠰ ᠲᠥᠷᠦ ᠶᠢᠨ ᠰᠢᠨᠵᠢᠯᠡᠬᠦ ᠤᠬᠠᠭᠠᠨ ᠤ ᠠᠩᠬᠠᠨ ᠤ ᠰᠤᠷᠬᠤ ᠪᠢᠴᠢᠭ (1837 ᠣᠨ) ᠵᠣᠬᠢᠶᠠᠭᠰᠠᠨ ᠨᠢ ᠲᠡᠦᠬᠡᠨ ᠦᠨᠡᠨ ᠪᠢᠯᠡ᠃ ᠨᠶᠤ-ᠢᠣᠷᠺ ᠤᠨ ᠤᠯᠤᠰ ᠤᠨ ᠶᠡᠬᠡ ᠰᠤᠷᠭᠠᠭᠤᠯᠢ ᠶᠢᠨ ᠫᠷᠣᠹᠧᠰᠰᠣᠷ ᠠᠯᠪᠦᠷᠢᠲᠦ ᠰᠣᠮᠢ ᠳᠤ᠂ ᠫᠷᠢᠨᠰᠲ᠋ᠣᠨ ᠤ ᠶᠡᠬᠡ ᠰᠤᠷᠭᠠᠭᠤᠯᠢ ᠶᠢᠨ ᠫᠷᠣᠹᠧᠰᠰᠣᠷ ᠵᠣᠵᠡᠹ ᠲᠠᠨᠢᠩᠬᠠᠦ᠋ᠰ ᠨᠠᠷ 《ᠠᠮᠧᠷᠢᠺᠠ ᠳᠠᠬᠢ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠬᠥᠭᠵᠢᠯ》 ᠨᠡᠷᠡᠲᠦ ᠪᠦᠲᠦᠭᠡᠯ ᠳᠦ ᠪᠡᠨ ᠪᠡᠷᠵᠧᠰ ᠪᠣᠯ ᠠᠮᠧᠷᠢᠺᠠ ᠳᠠᠬᠢ ᠤᠯᠤᠰ ᠲᠥᠷᠥ ᠶᠢᠨ ᠰᠢᠨᠵᠢᠯᠡᠬᠦ ᠤᠬᠠᠭᠠᠨ ᠤ 《ᠡᠴᠢᠭᠡ》 ᠣᠭᠲᠣ ᠠᠴᠠ ᠪᠢᠰᠢ ᠪᠥᠭᠡᠳ ᠲᠣᠮᠣᠬᠠᠨ ᠲᠥᠯᠥᠭᠡᠯᠡᠭᠴᠢᠳ ᠦᠨ ᠨᠢᠭᠡ ᠨᠢ ᠮᠥᠨ ᠭᠡᠰᠡᠨ ᠳ᠋ᠦᠩᠨᠡᠯᠲᠡ ᠬᠡᠶᠢᠵᠢᠭᠡ (Albert Somit ᠊ Joseph Tanenhaus᠂ 1967᠂ pp᠃ 4᠂ 5)᠃
ᠬᠡᠳᠦᠢ ᠪᠡᠷ ᠪᠡᠷᠵᠧᠰ ᠠᠪᠤᠭᠠᠢ ᠶᠢᠨ ᠦᠶ᠎ᠡ ᠳᠦ ᠠᠮᠧᠷᠢᠺᠠ ᠶᠢᠨ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠠᠺᠠᠳᠧᠮᠢ ᠺᠣᠯᠤᠮᠪᠤ ᠶᠢᠨ ᠶᠡᠬᠡ ᠰᠤᠷᠭᠠᠭᠤᠯᠢ ᠶᠢᠨ ᠳᠡᠷᠭᠡᠳᠡᠬᠢ ᠰᠤᠳᠤᠯᠭᠠᠨ ᠤ ᠪᠠᠶᠢᠭᠤᠯᠤᠯᠭ᠎ᠠ ᠶᠢᠨ ᠰᠲ᠋ᠠᠲ᠋ᠦ᠋ᠰ ᠲᠠᠢ ᠪᠠᠶᠢᠭᠰᠠᠨ ᠪᠣᠯᠪᠠᠴᠤ 1910 ᠣᠨ ᠠᠴᠠ ᠡᠬᠢᠯᠡᠨ ᠡᠳ᠋ ᠍ ᠦᠨ ᠵᠠᠰᠠᠭ᠂ ᠤᠯᠤᠰ ᠲᠥᠷᠥ ᠶᠢᠨ ᠴᠢᠭᠯᠡᠯ ᠢᠶᠡᠷ ᠰᠤᠳᠤᠯᠭ᠎ᠠ ᠬᠢᠬᠦ ᠶᠡᠬᠡ ᠰᠤᠷᠭᠠᠭᠤᠯᠢ ᠠᠴᠠ ᠬᠠᠷᠠᠭᠠᠲᠤ ᠪᠤᠰᠤ ᠪᠡᠶ᠎ᠡ ᠳᠠᠭᠠᠭᠰᠠᠨ ᠪᠠᠶᠢᠭᠤᠯᠤᠯᠭ᠎ᠠ ᠭᠡᠭᠡ ᠳᠦ ᠬᠢ ᠪᠣᠯᠵᠠᠢ᠃ ᠺᠣᠯᠤᠮᠪᠤ ᠶᠢᠨ ᠶᠡᠬᠡ ᠰᠤᠷᠭᠠᠭᠤᠯᠢ ᠶᠢᠨ ᠦᠨᠳᠦᠰᠦᠨ ᠬᠠᠤᠯᠢ ᠶᠢᠨ ᠡᠷᠬᠡ ᠵᠦᠢ᠂ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠫᠷᠣᠹᠧᠰᠰᠣᠷ᠂ ᠨᠡᠷᠡᠲᠦ ᠡᠷᠳᠡᠮᠲᠡᠨ᠂ ᠪᠢᠴᠢᠭ ᠦᠨ ᠶᠡᠬᠡ ᠬᠦᠮᠦᠨ ᠵᠣᠩ ᠤᠣᠯᠢᠮ ᠪᠡᠷᠵᠧᠰ ᠪᠠᠷᠰᠺᠯᠢᠨ ᠳᠤ 1931 ᠣᠨ ᠤ ᠨᠢᠭᠡᠳᠦᠭᠡᠷ ᠰᠠᠷ᠎ᠠ ᠶᠢᠨ 13 ᠨᠳ ᠨᠠᠰᠤᠨ ᠶᠡᠭᠦᠳᠡᠵᠡᠢ᠃
ᠡᠨᠡ ᠤᠳᠠᠭ᠎ᠠ ᠳᠤ ᠲᠠ ᠪᠦᠬᠦᠨ ᠳᠦ ᠪᠡᠷᠵᠧᠰ ᠤᠨ 1882 ᠣᠨ ᠳᠤ The International Review ᠰᠡᠳᠬᠦᠯ ᠳᠦ ᠨᠡᠶᠢᠲᠡᠯᠡᠭᠦᠯᠦᠭᠰᠡᠨ «ᠺᠣᠯᠤᠮᠪᠤ ᠶᠢᠨ ᠺᠣᠯᠯᠧᠵᠢ ᠳᠠᠬᠢ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠰᠤᠳᠤᠯᠭ᠎ᠠ» (Burgess᠂ 1882᠂ pp᠃ 346-352; ᠪᠧᠷᠵᠧᠰ᠂ January 2016᠂ pp᠃ 1-4) ᠨᠡᠷᠡᠲᠦ ᠥᠭᠦᠯᠡᠯ ᠢ ᠲᠣᠯᠢᠯᠠᠭᠤᠯᠵᠤ ᠪᠠᠶᠢᠨ᠎ᠠ᠃ ᠲᠠᠰᠢᠷᠠᠮ ᠳᠤ ᠳᠤᠷᠠᠳᠬᠤ ᠳᠤ᠂ ᠣᠷᠣᠰ ᠤᠨ ᠰᠤᠳᠤᠯᠤᠭᠠᠴᠢ ᠲᠠᠲᠢᠨᠠ ᠽᠧᠮᠦ᠋ᠯᠢᠶᠠᠺᠣᠸᠠ ᠠᠬᠠᠶᠢᠲᠠᠨ ᠤ ᠣᠷᠴᠢᠭᠤᠯᠭ᠎ᠠ ᠶᠢ ᠴᠠᠬᠢᠮ ᠰᠦᠯᠵᠢᠶᠡᠨ ᠳᠦ ᠪᠠᠶᠢᠷᠢᠰᠢᠭᠤᠯᠤᠭᠰᠠᠨ ᠵᠣᠩ ᠪᠡᠷᠵᠧᠰ ᠠᠪᠤᠭᠠᠢ ᠶᠢᠨ ᠡᠬᠡ ᠪᠢᠴᠢᠪᠦᠷᠢ ᠲᠡᠢ ᠬᠠᠷᠭᠤᠭᠤᠯᠤᠨ ᠮᠣᠩᠭᠣᠯᠴᠢᠯᠠᠭᠰᠠᠨ ᠪᠣᠯᠤᠨ᠎ᠠ (ᠨᠡᠮᠡᠯᠲᠡ ᠲᠠᠶᠢᠯᠪᠤᠷᠢ ᠬᠢᠵᠦ᠂ ᠤᠳᠬᠠᠴᠢᠯᠠᠭᠰᠠᠨ ᠤᠳᠤᠷᠢᠳᠤᠯᠭ᠎ᠠ ᠶᠢᠨ ᠠᠺᠠᠳᠧᠮᠢ ᠶᠢᠨ ᠳ᠋ᠣᠺᠲ᠋ᠣᠷᠠᠨᠲ ᠨᠢᠮ᠎ᠠ ᠶᠢᠨ ᠣᠳᠬᠣᠨᠪᠠᠶᠠᠷ)᠃

ᠺᠣᠯᠤᠮᠪᠤ ᠶᠢᠨ ᠺᠣᠯᠯᠧᠵᠢ ᠳᠠᠬᠢ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠰᠤᠳᠤᠯᠭ᠎ᠠ
(THE STUDY OF POLITICAL SCIENCES IN COLUMBIA COLLEGE᠄ ИЗУЧЕНИЕ ПОЛИТИЧЕСКИХ
НАУК В КОЛУМБИЙСКОМ КОЛЛЕДЖЕ)
ᠰᠡᠭᠦᠯ ᠦᠨ ᠲᠠᠪᠤᠨ ᠵᠢᠯ ᠳᠦ ᠤᠯᠤᠰ ᠲᠥᠷᠦ ᠶᠢᠨ ᠰᠢᠨᠵᠢᠯᠡᠬᠦ ᠤᠬᠠᠭᠠᠨ ᠢ ᠰᠢᠮᠡᠳᠦᠨ ᠰᠤᠳᠤᠯᠬᠤ ᠶᠠᠪᠤᠳᠠᠯ ᠮᠠᠨ ᠤ ᠦᠨᠳᠦᠰᠦᠲᠡᠨ ᠪᠦᠷᠢᠯᠳᠦᠨ ᠲᠣᠭᠲᠠᠭᠰᠠᠨ ᠠᠴᠠ ᠬᠣᠶᠢᠰᠢ ᠭᠠᠷᠴᠤ ᠪᠠᠶᠢᠭ᠎ᠠ ᠦᠭᠡᠢ ᠲᠡᠶᠢᠮᠦ ᠥᠨᠳᠦᠷ ᠲᠦᠪᠰᠢᠨ ᠳᠦ ᠬᠦᠷᠦᠭᠰᠡᠨ ᠪᠠᠶᠢᠨ᠎ᠠ᠃ ᠤᠯᠤᠰ ᠲᠥᠷᠥ ᠶᠢᠨ ᠮᠡᠳᠡᠯᠭᠡ ᠤᠬᠠᠭᠠᠨ᠂ ᠰᠢᠯᠭᠠᠷᠠᠭᠰᠠᠨ ᠲᠤᠷᠰᠢᠯᠭ᠎ᠠ ᠶᠢ ᠡᠵᠡᠮᠰᠢᠬᠦ ᠦᠭᠡᠢ ᠪᠡᠷ ᠶᠠᠮᠠᠷ ᠴᠤ ᠰᠠᠶᠢᠨ ᠪᠦᠭᠦᠳᠡ ᠨᠠᠶᠢᠷᠠᠮᠳᠠᠬᠤ ᠤᠯᠤᠰ ᠤᠨ ᠲᠣᠭᠲᠠᠯᠴᠠᠭ᠎ᠠ ᠢᠯᠵᠠᠷᠠᠵᠤ᠂ ᠲᠥᠷᠥ ᠶᠢᠨ ᠪᠠᠶᠢᠭᠤᠯᠤᠯ ᠤᠨ ᠡᠳ᠋ ᠰᠢᠷᠬᠡᠭ ᠪᠦᠷᠢ ᠬᠠᠭᠤᠷᠮᠠᠭ ᠰᠢᠨᠵᠢᠲᠡᠢ ᠪᠣᠯᠳᠠᠭ ᠢ ᠣᠯᠠᠨ ᠨᠡᠶᠢᠲᠡ ᠭᠠᠳᠠᠷᠯᠠᠬᠤ ᠪᠣᠯᠵᠠᠢ᠃ ᠭᠡᠪᠡᠴᠦ ᠤᠯᠤᠰ ᠲᠥᠷᠥ ᠶᠢᠨ ᠳᠡᠭᠡᠳᠦ ᠪᠣᠯᠪᠠᠰᠤᠷᠠᠯ ᠪᠢᠳᠡᠨ ᠳᠦ ᠬᠡᠷᠡᠭᠲᠡᠢ ᠤᠤ ᠭᠡᠳᠡᠭ ᠠᠰᠠᠭᠤᠯᠲᠠ ᠥᠪᠡᠷ ᠢᠶᠡᠨ ᠬᠠᠷᠢᠭᠤᠯᠲᠠ ᠡᠷᠢᠯᠬᠢᠯᠡᠭᠰᠡᠨ ᠬᠡᠪ ᠢᠶᠡᠷ ᠪᠠᠶᠢᠨ᠎ᠠ᠃ ᠣᠯᠠᠨ ᠨᠡᠶᠢᠲᠡ ᠳᠦ ᠨᠢᠭᠡᠳᠦᠭᠰᠡᠨ ᠬᠠᠷᠢᠭᠤᠯᠲᠠ ᠥᠭᠬᠦ ᠡᠭᠦᠳᠡᠨ ᠡᠴᠡ ᠠᠰᠠᠭᠤᠳᠠᠯ ᠢ ᠰᠢᠢᠳᠪᠦᠷᠢᠯᠡᠬᠦ ᠶᠠᠩᠵᠤ ᠪᠦᠷᠢ ᠶᠢᠨ ᠭᠠᠷᠴᠠ ᠶᠢ ᠡᠷᠢᠵᠦ ᠬᠠᠶᠢᠬᠤ ᠪᠣᠯᠤᠭᠰᠠᠨ᠃ ᠮᠡᠳᠡᠭᠡᠵᠢ ᠬᠡᠷᠡᠭ᠂ ᠡᠳᠡᠭᠡᠷ ᠭᠠᠷᠴᠠ ᠶᠢᠨ ᠨᠢᠭᠡ ᠨᠢ ᠦᠨᠳᠦᠰᠦᠨ ᠦ ᠬᠡᠮᠵᠢᠶᠡᠨ ᠦ ᠶᠡᠬᠡ᠂ ᠳᠡᠭᠡᠳᠦ ᠰᠤᠷᠭᠠᠭᠤᠯᠢ᠂ ᠺᠣᠯᠯᠧᠵᠢ ᠪᠠᠶᠢᠭᠤᠯᠬᠤ ᠶᠠᠪᠤᠳᠠᠯ ᠶᠤᠮ᠃ ᠠᠯᠢᠪᠠ ᠦᠨᠳᠦᠰᠦᠲᠡᠨ ᠪᠦᠷ ᠬᠡᠦᠬᠡᠳ ᠵᠠᠯᠠᠭᠤᠴᠤᠳ ᠢᠶᠠᠨ ᠰᠤᠷᠭᠠᠨ ᠪᠣᠯᠪᠠᠰᠤᠷᠠᠭᠤᠯᠬᠤ ᠭᠠᠵᠠᠷ ᠪᠠᠶᠢᠭᠤᠯᠵᠤ᠂ ᠲᠡᠳᠡᠨ ᠳᠦ ᠤᠯᠤᠰ ᠲᠥᠷᠥ ᠶᠢᠨ ᠨᠠᠭᠠᠳᠤ ᠵᠠᠬ᠎ᠠ ᠶᠢᠨ ᠮᠡᠳᠡᠯᠭᠡ ᠲᠦᠭᠡᠭᠡᠬᠦ᠂ ᠡᠷᠡᠭᠦᠯ ᠰᠠᠷᠠᠭᠤᠯ ᠰᠡᠳᠬᠢᠯᠭᠡ ᠶᠢ ᠲᠥᠯᠦᠪᠰᠢᠭᠦᠯᠬᠦ ᠡᠷᠬᠡ ᠲᠡᠢ ᠪᠠᠶᠢᠳᠠᠭ᠃ ᠡᠨᠡ ᠬᠡᠷᠡᠭᠴᠡᠭᠡ᠂ ᠱᠠᠭᠠᠷᠳᠠᠯᠭ᠎ᠠ ᠶᠢ ᠬᠡᠷᠡᠭᠵᠢᠭᠦᠯᠬᠦ ᠡᠭᠦᠳᠡᠨ ᠡᠴᠡ ᠣᠯᠠᠨ ᠴᠤ ᠪᠣᠯᠪᠠᠰᠤᠷᠠᠯ ᠤᠨ ᠪᠠᠶᠢᠭᠤᠯᠤᠯᠭ᠎ᠠ ᠳᠡᠭᠡᠷᠡᠬᠢ ᠵᠣᠷᠢᠯᠲᠠ ᠶᠢ ᠰᠢᠢᠳᠪᠦᠷᠢᠯᠡᠬᠦ ᠣᠷᠣᠯᠳᠤᠯᠭ᠎ᠠ ᠬᠢᠭᠰᠡᠭᠡᠷ ᠢᠷᠡᠵᠡᠢ. The International Review ᠰᠡᠳᠬᠦᠯ ᠦᠨ ᠶᠡᠷᠦᠩᠬᠡᠢ ᠱᠦᠳᠦᠭᠯᠡᠭᠴᠢ ᠶᠢᠨ ᠰᠠᠨᠠᠯ᠂ ᠬᠦᠰᠡᠯᠲᠡ ᠶᠢᠨ ᠳᠠᠭᠠᠤ ᠪᠢᠳᠡ ᠪᠦᠬᠦᠨ ᠨᠶᠤ-ᠢᠣᠷᠺ ᠬᠣᠲᠠᠳ ᠪᠠᠶᠢᠷᠢᠯᠠᠬᠤ ᠡᠷᠲᠡᠨ ᠦ ᠪᠣᠯᠪᠠᠰᠤᠷᠠᠯ ᠤᠨ ᠪᠠᠶᠢᠭᠤᠯᠤᠯᠭ᠎ᠠ ᠺᠣᠯᠤᠮᠪᠤ ᠶᠢᠨ ᠺᠣᠯᠯᠧᠵᠢ ᠳᠤ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠰᠤᠷᠭᠠᠯᠲᠠ᠂ ᠰᠤᠳᠤᠯᠭᠠᠨ ᠤ ᠲᠣᠭᠲᠠᠯᠴᠠᠭ᠎ᠠ ᠪᠤᠢ ᠪᠣᠯᠭᠠᠬᠤ ᠶᠡᠷᠦᠩᠬᠡᠢ ᠲᠥᠯᠥᠪᠯᠡᠭᠡ ᠶᠢ ᠲᠠᠨᠢᠯᠴᠠᠭᠤᠯᠵᠤ ᠪᠠᠶᠢᠨ᠎ᠠ᠃
ᠤᠭ ᠲᠣᠭᠲᠠᠯᠴᠠᠭ᠎ᠠ ᠨᠢ ᠪᠠᠺᠠᠯᠠᠪᠠᠷ ᠤᠨ ᠲᠦᠪᠰᠢᠨ ᠦ ᠰᠤᠷᠭᠠᠯᠲᠠ ᠶᠢᠨ ᠲᠢᠩᠬᠢᠮ᠂ ᠤᠯᠤᠰ ᠲᠥᠷᠦ ᠶᠢᠨ ᠰᠢᠨᠵᠢᠯᠡᠬᠦ ᠤᠬᠠᠭᠠᠨ ᠤ ᠰᠤᠷᠭᠠᠭᠤᠯᠢ᠂ ᠤᠯᠤᠰ ᠲᠥᠷᠦ ᠶᠢᠨ ᠰᠢᠨᠵᠢᠯᠡᠬᠦ ᠤᠬᠠᠭᠠᠨ ᠤ ᠠᠺᠠᠳᠧᠮᠢ᠂ ᠤᠯᠤᠰ ᠲᠥᠷᠦ ᠶᠢᠨ ᠰᠢᠨᠵᠢᠯᠡᠬᠦ ᠤᠬᠠᠭᠠᠨ ᠤ ᠨᠣᠮ ᠤᠨ ᠰᠠᠩ ᠭᠡᠰᠡᠨ ᠳᠥᠷᠪᠡᠨ ᠬᠡᠰᠡᠭ ᠡᠴᠡ ᠪᠦᠷ ᠲᠦ ᠬᠢ ᠪᠣᠯᠤᠨ᠎ᠠ᠃

1᠃ ᠪᠠᠺᠠᠯᠠᠪᠠᠷ ᠤᠨ ᠰᠤᠷᠭᠠᠯᠲᠠ ᠶᠢᠨ ᠲᠡᠩᠬᠢᠮ᠃
ᠮᠠᠨ ᠤ ᠲᠣᠭᠲᠠᠯᠴᠠᠭᠠᠨ ᠤ ᠶᠡᠷᠦᠩᠬᠡᠢ ᠵᠠᠷᠴᠢᠮ ᠲᠡᠦᠬᠡᠨ ᠠᠷᠭ᠎ᠠ ᠳᠡᠭᠡᠷ᠎ᠡ ᠲᠤᠯᠭᠠᠭᠤᠷᠢᠯᠠᠨ ᠲᠡᠦᠬᠡ ᠶᠢᠨ ᠲᠤᠷᠰᠢᠯᠭ᠎ᠠ ᠶᠢ ᠰᠤᠳᠤᠯᠬᠤ ᠵᠠᠮ ᠢᠶᠠᠷ ᠮᠡᠷᠭᠡᠵᠢᠯᠲᠡᠨ ᠪᠡᠯᠡᠳᠬᠡᠬᠦ ᠶᠠᠪᠤᠳᠠᠯ ᠪᠣᠯᠤᠨ᠎ᠠ᠃ ᠶᠠᠮᠠᠷ ᠴᠤ ᠲᠥᠷᠥ ᠲᠡᠦᠬᠡᠨ ᠬᠥᠭᠵᠢᠯ ᠦᠨ ᠶᠠᠪᠤᠴᠠ ᠳᠤ ᠪᠥᠷᠢᠯᠳᠦᠨ ᠪᠤᠢ ᠪᠣᠯᠵᠤ᠂ ᠲᠣᠳᠣᠷᠬᠠᠢ ᠦᠶ᠎ᠡ ᠱᠠᠲᠤ ᠶᠢ ᠳᠠᠮᠵᠢᠭᠰᠠᠭᠠᠷ ᠥᠨᠥ ᠪᠢᠳᠡᠨ ᠦ ᠦᠶ᠎ᠡ ᠳᠦ ᠥᠷᠲᠡᠭᠡᠯᠡᠨ ᠢᠷᠡᠬᠦ ᠵᠦᠢ ᠲᠣᠭᠲᠠᠯ ᠲᠠᠢ᠃ ᠲᠡᠶᠢᠮᠦ ᠴᠤ ᠤᠴᠢᠷ ᠠᠴᠠ ᠲᠡᠦᠬᠡ ᠶᠢ ᠲᠠᠯ᠎ᠠ ᠪᠦᠷᠢ ᠡᠴᠡ ᠨᠢ᠂ ᠤᠯᠠ ᠰᠠᠭᠤᠷᠢ ᠲᠠᠢ ᠰᠤᠳᠤᠯᠬᠤ ᠶᠠᠪᠤᠳᠠᠯ ᠵᠢᠩᠬᠢᠨᠢ ᠨᠡᠶᠢᠲᠡ ᠶᠢᠨ ᠡᠷᠬᠡ ᠵᠦᠢ᠂ ᠵᠢᠩᠬᠢᠨᠢ ᠤᠯᠤᠰ ᠲᠥᠷᠥ ᠶᠢᠨ ᠰᠢᠨᠵᠢᠯᠡᠬᠦ ᠤᠬᠠᠭᠠᠨ ᠬᠥᠭᠵᠢᠬᠦ ᠶᠢᠨ ᠦᠨᠳᠦᠰᠦ ᠮᠥᠨ᠃ ᠤᠯᠤᠰ ᠲᠥᠷᠦ ᠶᠢᠨ ᠰᠢᠨᠵᠢᠯᠡᠬᠦ ᠤᠬᠠᠭᠠᠨ ᠳ᠋ᠠᠬᠢ ᠣᠨᠣᠯ᠂ ᠲᠠᠭᠠᠮᠠᠭᠯᠠᠯ ᠨᠢ ᠲᠡᠦᠬᠡᠨ ᠪᠠᠷᠢᠮᠲᠠ ᠳᠡᠭᠡᠷ᠎ᠡ ᠲᠦᠰᠢᠭᠯᠡᠬᠦ᠂ ᠶᠤᠮ ᠤᠤ ᠲᠡᠦᠬᠡᠨ ᠪᠠᠷᠢᠮᠲᠠ ᠠᠴᠠ ᠤᠷᠭᠤᠨ ᠭᠠᠷᠴᠤ ᠪᠠᠶᠢᠳᠠᠭ᠄ ᠡᠰᠡᠷᠡᠭ ᠲᠣᠬᠢᠶᠠᠯᠳᠤᠯ ᠳᠤ᠂ ᠶᠠᠮᠠᠷ ᠨᠢᠭᠡᠨ ᠬᠡᠶᠢᠰᠪᠦᠷᠢ ᠰᠡᠳᠬᠢᠯᠭᠡᠨ ᠦ «ᠪᠠᠢ» ᠪᠣᠯᠬᠤ ᠨᠢ ᠣᠯᠠᠨᠲᠠ᠃ ᠡᠨᠡ ᠤᠴᠢᠷ ᠲᠤ ᠪᠠᠺᠠᠯᠠᠪᠠᠷ ᠤᠨ ᠰᠤᠷᠭᠠᠯᠲᠠ ᠶᠢᠨ ᠡᠬᠢᠨ ᠦ ᠬᠣᠶᠠᠷ ᠵᠢᠯ ᠢ ᠪᠢᠳᠡ ᠪᠦᠬᠦᠨ ᠲᠡᠦᠬᠡ ᠶᠢ ᠰᠤᠳᠤᠯᠬᠤ ᠳᠤ ᠵᠣᠷᠢᠭᠤᠯᠬᠤ ᠪᠣᠯᠤᠨ᠎ᠠ᠃ ᠡᠨᠳᠡ ᠪᠢᠳᠡ ᠭᠢᠮᠨᠠᠵᠠ ᠶᠢᠨ ᠠᠷᠭ᠎ᠠ ᠶᠢ ᠠᠰᠢᠭᠯᠠᠵᠤ᠂ ᠣᠶᠤᠲᠠᠨ ᠨᠤᠭᠤᠳ ᠤᠨ ᠤᠯᠤᠰ ᠲᠥᠷᠥ ᠶᠢᠨ ᠭᠠᠵᠠᠷᠵᠦᠢ᠂ ᠣᠨ ᠴᠠᠭ ᠲᠣᠭᠠᠯᠠᠯ᠂ ᠲᠡᠦᠬᠡᠨ ᠬᠦᠮᠦᠰ ᠢ ᠴᠠᠳᠢᠭ ᠨᠠᠮᠲᠠᠷ ᠤᠨ ᠲᠠᠯᠠᠭᠠᠷᠬᠢ ᠮᠡᠳᠡᠯᠭᠡ ᠶᠢ ᠦᠷᠭᠡᠳᠭᠡᠬᠦ᠂ ᠤᠯᠤᠰ ᠲᠥᠷᠥ᠂ ᠡᠳ᠋ ᠍ ᠦᠨ ᠵᠠᠰᠠᠭ ᠤᠨ ᠤᠬᠠᠭᠳᠠᠬᠤᠨ ᠢ ᠲᠣᠳᠣᠷᠬᠠᠶᠢᠯᠠᠬᠤ ᠳᠤ ᠨᠢ ᠲᠤᠰᠯᠠᠬᠤ ᠵᠣᠷᠢᠯᠭ᠎ᠠ ᠪᠠᠷ ᠭᠧᠷᠮᠠᠨ᠂ ᠹᠷᠠᠨᠼᠢ᠂ ᠠᠩᠭᠯᠢ ᠶᠢᠨ ᠲᠡᠦᠬᠡ ᠶᠢᠨ ᠰᠤᠷᠬᠤ ᠪᠢᠴᠢᠭ ᠦᠨ ᠠᠰᠠᠭᠤᠯᠲᠠᠨ ᠳᠤ ᠬᠠᠷᠢᠭᠤᠯᠬᠤ᠂ ᠳᠠᠰᠬᠠᠯ ᠠᠵᠢᠯᠯᠠᠭᠤᠯᠬᠤ᠂ ᠤᠯᠤᠰ ᠲᠥᠷᠥ ᠶᠢᠨ ᠡᠳ᠋ ᠍ ᠦᠨ ᠵᠠᠰᠠᠭ ᠤᠨ ᠤᠬᠠᠭᠠᠨ ᠤ ᠠᠩᠬᠠᠨ ᠱᠠᠲᠤᠨ ᠤ ᠮᠡᠳᠡᠯᠭᠡ ᠣᠯᠭᠤᠨ᠎ᠠ᠃ ᠪᠠᠺᠠᠯᠠᠪᠠᠷ ᠤᠨ ᠰᠤᠷᠭᠠᠯᠲᠠ ᠶᠢᠨ ᠬᠥᠲᠥᠯᠪᠦᠷᠢ ᠶᠢᠨ ᠭᠤᠷᠪᠠ ᠳᠠᠬᠢ ᠵᠢᠯ ᠳᠠᠭᠤᠰᠤᠭᠰᠠᠨ ᠢᠶᠠᠷ ᠭᠢᠮᠨᠠᠵᠠ ᠶᠢᠨ ᠰᠢᠨᠵᠢ ᠲᠡᠢ ᠰᠤᠷᠭᠠᠯᠲᠠ ᠶᠢᠨ ᠦᠢᠯᠡ ᠶᠠᠪᠤᠴᠠ ᠥᠨᠳᠥᠷᠯᠡᠨ᠎ᠡ᠃ ᠳᠥᠷᠪᠡ ᠳ᠋ᠡᠬᠢ ᠵᠢᠯ ᠡᠴᠡ ᠰᠤᠷᠭᠠᠯᠲᠠ ᠰᠢᠨᠵᠢ ᠴᠢᠨᠠᠷ᠂ ᠪᠠᠭᠰᠢᠯᠠᠬᠤ ᠠᠷᠭ᠎ᠠ ᠶᠢᠨ ᠬᠤᠪᠢ ᠳᠤ ᠶᠡᠬᠡ ᠰᠤᠷᠭᠠᠭᠤᠯᠢ ᠶᠢᠨ ᠲᠥᠷᠬᠦ ᠲᠡᠢ ᠶᠠᠪᠤᠭᠳᠠᠨ᠎ᠠ᠃ ᠥᠭᠡᠷ᠎ᠡ ᠪᠡᠷ ᠬᠡᠯᠡᠪᠡᠯ᠂ ᠪᠢᠳᠡ ᠪᠦᠬᠦᠨ ᠭᠤᠷᠪᠠ ᠳ᠋ᠠᠬᠢ ᠵᠢᠯ ᠦᠨ ᠡᠴᠦᠰ ᠡᠴᠡ ᠭᠢᠮᠨᠠᠵᠠ ᠶᠢᠨ ᠪᠣᠯᠤᠨ ᠶᠡᠬᠡ ᠰᠤᠷᠭᠠᠭᠤᠯᠢ ᠶᠢᠨ ᠰᠤᠷᠭᠠᠯᠲᠠ ᠶᠢ ᠵᠠᠭᠠᠭᠯᠠᠬᠤ ᠪᠠᠷ ᠲᠥᠯᠦᠪᠯᠡᠭᠰᠡᠨ ᠪᠣᠯᠤᠨ᠎ᠠ᠄ ᠰᠤᠷᠭᠠᠯᠲᠠ ᠶᠢᠨ ᠰᠡᠭᠦᠯ ᠦᠨ ᠵᠢᠯ ᠳᠦ ᠤᠯᠤᠰ ᠲᠥᠷᠦ ᠶᠢᠨ ᠰᠢᠨᠵᠢᠯᠡᠬᠦ ᠤᠬᠠᠭᠠᠨ ᠤ ᠰᠤᠷᠭᠠᠭᠤᠯᠢ ᠳᠤ ᠰᠤᠷᠤᠯᠴᠠᠭᠤᠯᠤᠨ᠎ᠠ᠃ ᠠᠮᠧᠷᠢᠺᠠ ᠶᠢᠨ ᠨᠢᠭᠡᠳᠦᠭᠰᠡᠨ ᠤᠯᠤᠰ ᠤᠨ ᠺᠣᠯᠯᠧᠵᠢ ᠨᠤᠭᠤᠳ ᠲᠤ ᠭᠤᠷᠪᠠᠨ ᠵᠢᠯ ᠠᠮᠵᠢᠯᠲᠠᠲᠠᠢ ᠰᠤᠷᠤᠯᠴᠠᠭᠰᠠᠨ᠂ ᠡᠰᠡᠪᠡᠯ ᠭᠠᠳᠠᠭᠠᠳᠤ ᠶᠢᠨ ᠶᠡᠬᠡ᠂ ᠳᠡᠭᠡᠳᠦ ᠰᠤᠷᠭᠠᠭᠤᠯᠢ᠂ ᠭᠢᠮᠨᠠᠽᠢ᠂ ᠯᠢᠼᠧᠢ ᠳᠦᠭᠦᠷᠭᠡᠭᠰᠡᠨ᠂ ᠡᠰᠡᠪᠡᠯ ᠪᠠᠺᠠᠯᠠᠪᠠᠷ ᠤᠨ ᠰᠤᠷᠭᠠᠯᠲᠠ ᠶᠢᠨ ᠬᠥᠲᠦᠯᠪᠦᠷᠢ ᠪᠡᠷ ᠭᠤᠷᠪᠠᠨ ᠵᠢᠯ ᠰᠤᠷᠤᠯᠴᠠᠵᠤ᠂ ᠲᠡᠭᠦᠰᠬᠦ ᠰᠢᠯᠭᠠᠯᠲᠠ ᠪᠠᠨ ᠠᠮᠵᠢᠯᠲᠠᠲᠠᠢ ᠥᠭᠭᠦᠭᠰᠡᠨ ᠬᠡᠨ ᠪᠦᠬᠦᠨ ᠡᠨᠡ ᠰᠤᠷᠭᠠᠭᠤᠯᠢ ᠳᠤ ᠰᠤᠷᠤᠯᠴᠠᠬᠤ ᠡᠷᠬᠡ ᠲᠡᠢ᠃
2᠃ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠰᠤᠷᠭᠠᠭᠤᠯᠢ᠃
ᠡᠨᠡ ᠪᠣᠯ ᠰᠣᠴᠢᠶᠠᠯᠣᠭᠢ᠂ ᠳ᠋ᠢᠫᠯᠣᠮᠠᠲ ᠶᠣᠰᠣ᠂ ᠬᠠᠤᠯᠢ ᠴᠠᠭᠠᠵᠠ ᠶᠢᠨ ᠤᠬᠠᠭᠠᠨ᠂ ᠨᠡᠶᠢᠲᠡ ᠶᠢᠨ ᠡᠷᠬᠡ ᠵᠦᠢ᠂ ᠡᠳ᠋ ᠍ ᠦᠨ ᠵᠠᠰᠠᠭ᠂ ᠹᠢᠯᠣᠰᠣᠹᠢ᠂ ᠲᠡᠦᠬᠡ ᠶᠢᠨ ᠴᠢᠭᠯᠡᠯ ᠢᠶᠡᠷ ᠶᠡᠬᠡ ᠰᠤᠷᠭᠠᠭᠤᠯᠢ ᠶᠢᠨ᠂ ᠶᠤᠮ ᠤᠤ ᠡᠷᠳᠡᠮ ᠦᠨ ᠵᠡᠷᠭᠡ ᠣᠯᠭᠤᠬᠤ ᠵᠣᠷᠢᠯᠭ᠎ᠠ ᠪᠠᠷ ᠪᠢᠳᠡᠨ ᠦ ᠶᠠᠪᠤᠭᠤᠯᠵᠤ ᠪᠤᠢ ᠰᠤᠷᠭᠠᠯᠲᠠ ᠶᠢᠨ ᠶᠡᠷᠦᠩᠬᠡᠢ ᠨᠡᠷ᠎ᠡ ᠶᠤᠮ᠃ ᠰᠤᠷᠭᠠᠯᠲᠠ ᠶᠠᠪᠤᠭᠤᠯᠬᠤ ᠬᠤᠭᠤᠴᠠᠭ᠎ᠠ ᠭᠤᠷᠪᠠᠨ ᠵᠢᠯ ᠪᠠᠶᠢᠨ᠎ᠠ᠄ ᠡᠳᠡᠭᠡᠷ ᠭᠤᠷᠪᠠᠨ ᠵᠢᠯ ᠨᠢ ᠳᠠᠷᠠᠭᠠᠬᠢ ᠪᠠᠶᠢᠳᠠᠯ ᠲᠠᠢ ᠲᠥᠯᠥᠪᠯᠡᠭᠳᠡᠨᠡ᠄ ᠡᠬᠢᠨ ᠦ ᠵᠢᠯ ᠳᠦ ᠧᠦ᠋ᠷᠣᠫᠠ ᠲᠢᠪ ᠦᠨ ᠤᠯᠤᠰ ᠲᠥᠷᠥ ᠶᠢᠨ ᠪᠠᠶᠢᠭᠤᠯᠤᠯ ᠤᠨ ᠲᠡᠦᠬᠡ᠂ ᠠᠩᠭᠯᠢ᠂ ᠠᠮᠧᠷᠢᠺᠠ ᠶᠢᠨ ᠨᠢᠭᠡᠳᠦᠭᠰᠡᠨ ᠤᠯᠤᠰ ᠤᠨ ᠦᠨᠳᠦᠰᠦᠨ ᠬᠠᠤᠯᠢ ᠳᠤ ᠪᠠᠶᠢᠭᠤᠯᠤᠯ ᠤᠨ ᠲᠡᠦᠬᠡ᠂ ᠲᠥᠷᠥ ᠶᠢᠨ ᠹᠢᠯᠣᠰᠣᠹᠢ ᠣᠨᠣᠯ ᠤᠨ ᠲᠡᠦᠬᠡ᠂ ᠡᠳ᠋ ᠍ ᠦᠨ ᠵᠠᠰᠠᠭ ᠤᠨ ᠣᠨᠣᠯ᠂ ᠲᠣᠭᠲᠠᠯᠴᠠᠭᠠᠨ ᠤ ᠲᠡᠦᠬᠡ ᠶᠢ ᠰᠤᠳᠤᠯᠬᠤ ᠪᠣᠯᠤᠨ᠎ᠠ᠄ ᠬᠣᠶᠠᠷ ᠳᠠᠬᠢ ᠵᠢᠯ ᠳᠦ ᠨᠢ ᠧᠦ᠋ᠷᠣᠫᠠ ᠶᠢᠨ ᠲᠣᠮᠣᠬᠠᠨ ᠤᠯᠤᠰ ᠣᠷᠣᠨ ᠨᠤᠭᠤᠳ᠂ ᠠᠮᠧᠷᠢᠺᠠ ᠶᠢᠨ ᠨᠢᠭᠡᠳᠦᠭᠰᠡᠨ ᠤᠯᠤᠰ᠂ ᠨᠢᠭᠡᠳᠦᠭᠰᠡᠨ ᠤᠯᠤᠰ ᠤᠨ ᠨᠥᠬᠥᠷᠯᠡᠯ ᠦᠨ ᠣᠷᠣᠨ ᠨᠤᠭᠤᠳ ᠤᠨ ᠦᠨᠳᠦᠰᠦᠨ ᠬᠠᠤᠯᠢ ᠶᠢᠨ ᠡᠷᠬᠡ ᠵᠦᠢ ᠶᠢᠨ ᠬᠠᠷᠢᠴᠠᠭᠤᠯᠤᠭᠰᠠᠨ ᠰᠢᠨᠵᠢᠯᠡᠭᠡ᠂ ᠷᠣᠮ ᠤᠨ ᠡᠷᠬᠡ ᠵᠦᠢ᠂ ᠬᠠᠷᠢᠴᠠᠭᠤᠯᠤᠭᠰᠠᠨ ᠬᠠᠤᠯᠢ ᠴᠠᠭᠠᠵᠠ ᠶᠢᠨ ᠤᠬᠠᠭᠠᠨ ᠦᠵᠡᠬᠦ ᠪᠣᠯᠤᠨ᠎ᠠ᠄ ᠭᠤᠷᠪᠠ ᠳᠠᠬᠢ ᠵᠢᠯ ᠳᠦ ᠨᠢ ᠧᠦ᠋ᠷᠣᠫᠠ ᠶᠢᠨ ᠲᠣᠮᠣᠬᠠᠨ ᠤᠯᠤᠰ ᠣᠷᠣᠨ ᠨᠤᠭᠤᠳ᠂ ᠠᠮᠧᠷᠢᠺᠠ ᠶᠢᠨ ᠨᠢᠭᠡᠳᠦᠭᠰᠡᠨ ᠤᠯᠤᠰ᠂ ᠨᠢᠭᠡᠳᠦᠭᠰᠡᠨ ᠤᠯᠤᠰ ᠤᠨ ᠨᠥᠬᠥᠷᠯᠡᠯ ᠦᠨ ᠣᠷᠣᠨ ᠨᠤᠭᠤᠳ ᠤᠨ ᠵᠠᠬᠢᠷᠭᠠᠨ ᠤ ᠡᠷᠬᠡ ᠵᠦᠢ ᠶᠢᠨ ᠬᠠᠷᠢᠴᠠᠭᠤᠯᠤᠭᠰᠠᠨ ᠰᠤᠳᠤᠯᠭ᠎ᠠ᠂ ᠳ᠋ᠢᠫᠯᠣᠮᠠᠲ ᠠᠯᠪᠠᠨ ᠤ ᠲᠡᠦᠬᠡ᠂ ᠣᠯᠠᠨ ᠤᠯᠤᠰ ᠤᠨ ᠨᠡᠶᠢᠲᠡ ᠶᠢᠨ ᠡᠷᠬᠡ ᠵᠦᠢ᠂ ᠡᠳ᠋ ᠍ ᠦᠨ ᠵᠠᠰᠠᠭ᠂ ᠰᠲ᠋ᠠᠲ᠋ᠢᠰᠲ᠋ᠢᠺ᠂ ᠨᠡᠶᠢᠭᠡᠮ ᠦᠨ ᠰᠢᠨᠵᠢᠯᠡᠬᠦ ᠤᠬᠠᠭᠠᠨ ᠢ ᠰᠤᠳᠤᠯᠤᠨ᠎ᠠ᠃
ᠡᠶᠢᠨᠬᠦᠦ ᠪᠢᠳᠡ ᠤᠯᠤᠰ ᠲᠥᠷᠦ ᠶᠢᠨ ᠰᠢᠨᠵᠢᠯᠡᠬᠦ ᠤᠬᠠᠭᠠᠨ ᠤ ᠰᠤᠷᠭᠠᠭᠤᠯᠢ ᠳᠤ ᠲᠡᠦᠬᠡ ᠶᠢ᠂ ᠲᠡᠷᠡ ᠳᠤᠮᠳᠠ ᠪᠠᠨ ᠤᠯᠤᠰ ᠲᠥᠷᠦ ᠶᠢᠨ ᠪᠠᠶᠢᠭᠤᠯᠤᠯᠭ᠎ᠠ ᠪᠣᠯᠬᠤ ᠲᠥᠷᠦ ᠶᠢᠨ ᠡᠭᠦᠰᠦᠯ᠂ ᠬᠥᠭᠵᠢᠯ᠂ ᠥᠨᠥ ᠶᠢᠨ ᠬᠠᠨᠳᠤᠯᠭ᠎ᠠ ᠶᠢ ᠰᠤᠳᠤᠯᠬᠤ ᠵᠠᠮ ᠢᠶᠠᠷ ᠢᠨᠰᠲ᠋ᠢᠲ᠋ᠦᠶᠢᠲ ᠤᠨ ᠲᠡᠦᠬᠡ ᠶᠢ ᠳᠠᠪᠲᠠᠨ ᠦᠵᠡᠬᠦ ᠪᠣᠯᠤᠨ᠎ᠠ᠄ ᠴᠢᠨᠠᠭᠰᠢᠳᠠ ᠪᠢᠳᠡ ᠪᠦᠬᠦᠨ ᠲᠥᠷᠦ ᠶᠢᠨ ᠡᠷᠬᠡ ᠵᠦᠢ ᠶᠢᠨ ᠬᠠᠷᠢᠯᠴᠠᠭᠠᠨ ᠤ ᠲᠡᠦᠬᠡ ᠶᠢ ᠰᠤᠳᠤᠯᠬᠤ ᠵᠠᠮ ᠢᠶᠠᠷ ᠤᠯᠤᠰ ᠲᠥᠷᠦ ᠶᠢᠨ ᠹᠢᠯᠣᠰᠣᠹᠢ ᠶᠢᠨ ᠰᠠᠭᠤᠷᠢ ᠵᠠᠷᠴᠢᠮ ᠢ ᠲᠠᠨᠢᠨ ᠮᠡᠳᠡᠵᠦ᠂ ᠶᠠᠳᠠᠮᠠᠭᠬᠠᠨ ᠡᠮᠫᠢᠷᠢᠰᠮ᠂ ᠪᠠᠷᠢᠮᠲᠠ ᠦᠭᠡᠢ ᠬᠡᠶᠢᠰᠪᠦᠷᠢᠯᠡᠯᠲᠡ ᠡᠴᠡ ᠠᠩᠭᠢᠵᠢᠷᠠᠵᠤ ᠴᠢᠳᠠᠨ᠎ᠠ᠃ ᠵᠢᠭᠠᠬᠤ ᠠᠷᠭ᠎ᠠ ᠵᠦᠢ ᠶᠢᠨ ᠬᠤᠪᠢ ᠳᠤ ᠭᠢᠮᠨᠠᠵᠠ ᠶᠢᠨ ᠰᠤᠷᠭᠠᠯᠲᠠ ᠠᠴᠠ ᠶᠡᠬᠡ ᠰᠤᠷᠭᠠᠭᠤᠯᠢ ᠶᠢᠨ ᠰᠤᠷᠭᠠᠯᠲᠠ ᠳᠤ ᠰᠢᠯᠵᠢᠭᠰᠡᠨ ᠢᠶᠡᠷ ᠵᠢᠭᠠᠬᠤ ᠬᠢᠴᠢᠶᠡᠯ ᠴᠤ ᠥᠭᠡᠷᠡᠴᠢᠯᠡᠭᠳᠡᠨ᠎ᠡ᠃ ᠫᠷᠣᠹᠧᠰᠰᠣᠷ ᠢᠶᠠᠷ ᠬᠢᠵᠠᠭᠠᠷᠯᠠᠭᠳᠠᠵᠤ᠂ ᠣᠶᠤᠲᠠᠨ ᠤ ᠴᠢᠯᠦᠭᠡᠲᠦ ᠰᠡᠳᠬᠢᠯᠭᠡ ᠶᠢ ᠪᠣᠭᠣᠮᠢᠯᠠᠭᠰᠠᠨ ᠬᠢᠴᠢᠶᠡᠯ᠂ ᠳᠠᠰᠬᠠᠯ ᠠᠵᠢᠯᠯᠠᠬᠤ ᠰᠤᠷᠬᠤ ᠪᠢᠴᠢᠭ ᠬᠡᠷᠡᠭᠯᠡᠭᠳᠡᠬᠦ ᠪᠡᠨ ᠪᠣᠯᠢᠨ᠎ᠠ᠃ ᠡᠨᠳᠡ ᠠᠩᠬᠠᠳᠠᠭᠴᠢ ᠮᠠᠲ᠋ᠧᠷᠢᠶᠠᠯ᠂ ᠡᠬᠢ ᠰᠤᠷᠪᠤᠯᠵᠢ ᠲᠠᠢ ᠠᠵᠢᠯᠯᠠᠬᠤ ᠢᠯᠡᠭᠦᠦ ᠱᠠᠭᠠᠷᠳᠠᠯᠭ᠎ᠠ ᠡᠭᠦᠰᠦᠨ᠎ᠡ᠃ ᠪᠢᠳᠡ ᠪᠦᠬᠦᠨ ᠬᠢᠯᠪᠠᠷᠰᠢᠭᠤᠯᠤᠭᠰᠠᠨ ᠭᠠᠷ ᠤᠨ ᠠᠪᠤᠯᠭ᠎ᠠ ᠠᠰᠢᠭᠯᠠᠬᠤ ᠠᠴᠠ ᠠᠯᠢ ᠪᠣᠯᠬᠤ ᠵᠠᠶᠢᠯᠠᠰᠬᠢᠵᠤ᠂ ᠡᠬᠢ ᠰᠤᠷᠪᠤᠯᠵᠢ ᠲᠦᠰᠢᠭᠯᠡᠨ ᠠᠵᠢᠯᠯᠠᠬᠤ᠂ ᠲᠡᠭᠦᠨ ᠡᠴᠡ ᠥᠪᠡᠷ ᠦᠨ ᠭᠡᠰᠡᠨ ᠳ᠋ᠦᠩᠨᠡᠯᠲᠡ᠂ ᠣᠶᠤᠨ ᠪᠣᠳᠣᠮᠵᠢ ᠶᠢ ᠭᠠᠷᠭᠠᠬᠤ ᠵᠡᠷᠭᠡ ᠳᠦ ᠬᠢᠴᠢᠶᠡᠨ ᠰᠤᠷᠤᠯᠴᠠᠬᠤ ᠱᠠᠭᠠᠷᠳᠠᠯᠭ᠎ᠠ ᠲᠠᠢ ᠪᠣᠯᠤᠨ᠎ᠠ᠃ ᠫᠷᠣᠹᠧᠰᠰᠣᠷ ᠪᠣᠯ ᠲᠣᠳᠣᠷᠬᠠᠢ ᠪᠢᠴᠢᠪᠦᠷᠢ ᠳᠦ ᠪᠠᠷᠢᠭᠳᠠᠭᠰᠠᠨ ᠵᠢᠭᠠᠪᠤᠷᠢᠯᠠᠭᠴᠢ ᠪᠢᠰᠢ ᠡ᠄ ᠬᠠᠷᠢᠨ ᠴᠤ ᠥᠪᠡᠷ ᠦᠨ ᠬᠢᠴᠢᠶᠡᠯ ᠦᠨ ᠲᠠᠯ᠎ᠠ ᠪᠠᠷ ᠡᠬᠡ ᠪᠢᠴᠢᠪᠦᠷᠢ᠂ ᠰᠤᠳᠤᠯᠤᠭᠳᠠᠬᠤᠨ ᠴᠤᠭᠯᠠᠭᠤᠯᠵᠤ᠂ ᠠᠩᠭᠢᠯᠠᠬᠤ ᠶᠢᠨ ᠢᠯᠳᠠᠷ ᠦᠵᠡᠯ ᠰᠠᠨᠠᠭ᠎ᠠ ᠪᠠᠨ ᠨᠢᠭᠡᠳᠬᠡᠨ ᠢᠯᠡᠷᠬᠡᠶᠢᠯᠡᠭᠴᠢ ᠰᠤᠳᠤᠯᠤᠭᠠᠴᠢ ᠮᠥᠨ᠄ ᠣᠶᠤᠲᠠᠨ ᠭᠡᠳᠡᠭ ᠨᠢ ᠨᠣᠮ ᠤᠨ ᠰᠠᠩ ᠳᠤ ᠪᠠᠨ ᠲᠥᠭᠡᠷᠢᠯᠳᠦᠭᠰᠡᠨ ᠭᠢᠮᠨᠠᠵᠠ ᠶᠢᠨ ᠰᠣᠨᠣᠰᠤᠭᠴᠢ ᠪᠢᠰᠢ ᠡ᠄ ᠰᠤᠳᠤᠯᠭ᠎ᠠ᠂ ᠰᠢᠨᠵᠢᠯᠡᠭᠡ ᠬᠢᠬᠦ᠂ ᠰᠤᠳᠤᠯᠤᠭᠠᠴᠢᠳ ᠤᠨ ᠦᠵᠡᠯ ᠪᠣᠳᠣᠯ ᠢ ᠬᠠᠷᠢᠴᠠᠭᠤᠯᠬᠤ᠂ ᠨᠢᠭᠡᠳᠬᠡᠬᠦ ᠳ᠋ᠦᠩᠨᠡᠬᠦ᠂ ᠪᠡᠶ᠎ᠡ ᠳᠠᠩ ᠰᠤᠷᠤᠯᠴᠠᠬᠤ ᠴᠢᠳᠠᠪᠤᠷᠢ ᠡᠵᠡᠮᠰᠢᠭᠰᠡᠨ ᠨᠢᠭᠡᠨ ᠢ ᠬᠡᠯᠡᠨ᠎ᠡ᠃ ᠲᠣᠪᠴᠢ ᠪᠠᠷ ᠬᠡᠯᠡᠬᠦ ᠳᠦ᠂ ᠶᠡᠬᠡ ᠰᠤᠷᠭᠠᠭᠤᠯᠢ ᠶᠢᠨ ᠫᠷᠣᠹᠧᠰᠰᠣᠷ ᠭᠡᠳᠡᠭ ᠨᠢ ᠪᠠᠭᠰᠢᠯᠠᠬᠤ ᠠᠵᠢᠯ ᠤᠨ ᠶᠡᠬᠡᠩᠬᠢ ᠬᠤᠭᠤᠴᠠᠭ᠎ᠠ ᠶᠢ ᠯᠧᠺᠼᠢ ᠤᠩᠰᠢᠬᠤ᠂ ᠥᠪᠡᠷ ᠦᠨ ᠪᠦᠲᠦᠭᠡᠯ᠂ ᠲᠤᠷᠰᠢᠯᠭ᠎ᠠ ᠶᠢᠨ ᠦᠷ᠎ᠡ ᠳᠦᠩ ᠢ ᠫᠷᠠᠺᠲ᠋ᠢᠭ ᠲᠤ ᠨᠡᠪᠲᠡᠷᠡᠭᠦᠯᠬᠦ᠂ ᠦᠵᠡᠯ ᠰᠠᠨᠠᠭ᠎ᠠ ᠪᠠᠨ ᠬᠥᠭᠵᠢᠭᠦᠯᠬᠦ ᠳᠦ ᠵᠣᠷᠢᠭᠤᠯᠤᠭᠰᠠᠨ ᠬᠦᠮᠦᠨ ᠢ ᠬᠡᠯᠡᠨ᠎ᠡ᠄ ᠡᠭᠦᠨ ᠦ ᠵᠡᠷᠭᠡᠴᠡᠭᠡ᠂ ᠶᠡᠬᠡ ᠰᠤᠷᠭᠠᠭᠤᠯᠢ ᠶᠢᠨ ᠣᠶᠤᠲᠠᠨ ᠭᠡᠳᠡᠭ ᠨᠢ ᠠᠩᠬᠠᠷᠤᠯ ᠢᠶᠠᠨ ᠲᠥᠪᠯᠡᠷᠡᠭᠦᠯᠵᠦ᠂ ᠣᠷᠣᠵᠤ ᠪᠤᠢ ᠪᠦᠬᠦ ᠬᠢᠴᠢᠶᠡᠯ ᠢᠶᠡᠷ ᠮᠠᠲ᠋ᠧᠷᠢᠶᠠᠯ ᠴᠤᠭᠯᠠᠭᠤᠯᠵᠤ᠂ ᠳᠦᠩ ᠰᠢᠨᠵᠢᠯᠡᠭᠡ ᠬᠢᠬᠦ᠂ ᠨᠣᠮ ᠤᠨ ᠰᠠᠩ ᠳᠤ ᠰᠠᠭᠤᠵᠤ ᠮᠡᠳᠡᠯᠭᠡ ᠤᠬᠠᠭᠠᠨ ᠢᠶᠠᠨ ᠢᠮᠠᠭᠲᠠ ᠲᠡᠯᠡᠭᠴᠢ ᠨᠢᠭᠡᠨ ᠶᠤᠮ᠃ ᠥᠪᠡᠷ ᠦᠨ ᠭᠡᠰᠡᠨ ᠦᠵᠡᠯ ᠰᠠᠨᠠᠭ᠎ᠠ᠂ ᠬᠠᠷᠠᠭᠠᠲᠤ ᠪᠤᠰᠤ ᠢᠲᠡᠭᠡᠯ ᠦᠨᠡᠮᠰᠢᠯ᠂ ᠣᠯᠠᠨ ᠲᠠᠯᠠᠲᠤ ᠮᠡᠳᠡᠯᠭᠡ ᠤᠬᠠᠭᠠᠨ ᠭᠡᠭᠴᠢ ᠣᠶᠤᠲᠠᠨ᠂ ᠪᠠᠭᠰᠢ ᠨᠠᠷ ᠤᠨ ᠬᠢᠴᠢᠶᠡᠨ ᠲᠡᠮᠡᠦᠯᠬᠦ ᠵᠣᠷᠢᠯᠭ᠎ᠠ ᠮᠥᠨ᠃ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠰᠤᠷᠭᠠᠭᠤᠯᠢ ᠳᠤ ᠰᠤᠷᠭᠠᠯᠲᠠ ᠪᠠᠨ ᠠᠮᠵᠢᠯᠲᠠ ᠲᠠᠢ ᠳᠦᠭᠦᠷᠭᠡᠭᠰᠡᠨ ᠦ ᠡᠴᠦᠰ ᠲᠦ ᠡᠵᠡᠮᠰᠢᠬᠦ ᠡᠷᠳᠡᠮ ᠦᠨ ᠳᠡᠭᠡᠳᠦ ᠵᠡᠷᠭᠡ ᠨᠢ ᠹᠢᠯᠣᠰᠣᠹᠢ ᠶᠢᠨ ᠤᠬᠠᠭᠠᠨ ᠤ ᠳ᠋ᠣᠺᠲ᠋ᠣᠷ ᠶᠤᠮ᠃ ᠳ᠋ᠣᠺᠲ᠋ᠣᠷ ᠤᠨ ᠵᠡᠷᠭᠡ ᠭᠣᠷᠢᠯᠠᠬᠤ ᠠᠴᠠ ᠡᠮᠦᠨᠡᠬᠢ ᠰᠢᠯᠭᠠᠯᠲᠠ ᠬᠣᠶᠠᠷ ᠬᠡᠰᠡᠭ ᠡᠴᠡ ᠪᠥᠷᠢᠳᠦᠨ᠎ᠡ᠃ ᠰᠤᠷᠭᠠᠯᠲᠠ ᠶᠢᠨ ᠡᠬᠢᠨ ᠦ ᠵᠢᠯ ᠦᠨ ᠰᠢᠯᠭᠠᠯᠲᠠ ᠨᠢ ᠺᠣᠯᠯᠧᠵᠢ ᠶᠢᠨ ᠪᠠᠺᠠᠯᠠᠪᠠᠷ ᠤᠨ ᠰᠢᠯᠭᠠᠯᠲᠠ ᠠᠴᠠ ᠲᠡᠳᠦᠶᠢᠯᠡᠨ ᠢᠯᠭᠠᠬᠤ ᠵᠦᠢᠯ ᠦᠭᠡᠢ᠃ ᠰᠢᠯᠭᠠᠯᠲᠠ ᠪᠠᠨ ᠠᠮᠵᠢᠯᠲᠠᠲᠠᠢ ᠥᠭᠭᠦᠭᠰᠡᠨ ᠡᠷᠳᠡᠮᠲᠡᠨ ᠹᠢᠯᠣᠰᠣᠹᠢ ᠶᠢᠨ ᠪᠠᠺᠠᠯᠠᠪᠠᠷ ᠪᠣᠯᠤᠨ᠎ᠠ᠃ ᠭᠤᠷᠪᠠ ᠳᠠᠬᠢ ᠵᠢᠯ ᠢᠶᠡᠨ ᠳᠠᠭᠤᠰᠤᠭᠰᠠᠨ ᠤ ᠡᠴᠦᠰ ᠲᠦ ᠥᠭᠬᠦ ᠰᠢᠯᠭᠠᠯᠲᠠ ᠡᠮᠦᠨᠡᠬᠢ ᠪᠡᠨ ᠪᠣᠳᠣᠪᠠᠯ ᠨᠡᠯᠢᠶᠡᠳ ᠬᠡᠴᠡᠭᠦᠦ ᠪᠠᠶᠢᠳᠠᠭ᠃ ᠡᠨᠡ ᠰᠢᠯᠭᠠᠯᠲᠠ ᠭᠤᠷᠪᠠᠨ ᠬᠡᠰᠡᠭ ᠡᠴᠡ ᠪᠥᠷᠢᠳᠦᠨ᠎ᠡ᠄ ᠡᠬᠢᠨ ᠦ ᠬᠢ ᠨᠢ ᠪᠦᠬᠦ ᠪᠠᠭᠰᠢ ᠨᠠᠷ ᠤᠨ ᠪᠦᠷᠢᠯᠳᠦᠬᠦᠨ ᠢ ᠣᠷᠤᠯᠴᠠᠭᠤᠯᠤᠨ ᠲᠡᠳᠡᠨ ᠦ ᠲᠠᠯᠪᠢᠭᠰᠠᠨ ᠠᠰᠠᠭᠤᠯᠲᠠ ᠳᠤ ᠭᠣᠷᠢᠯᠠᠭᠴᠢ ᠨᠢᠭᠡ ᠪᠦᠷᠢ ᠬᠠᠷᠢᠭᠤᠯᠲᠠ ᠥᠭᠬᠦ ᠠᠮᠠᠨ ᠰᠢᠯᠭᠠᠯᠲᠠ ᠭᠡᠵᠦ ᠪᠠᠶᠢᠨ᠎ᠠ᠄ ᠬᠣᠶᠠᠷ ᠳᠠᠬᠢ ᠨᠢ ᠯᠠᠲ᠋ᠢᠨ ᠬᠡᠯᠡᠨ ᠦ ᠵᠡᠷᠭᠡᠴᠡᠭᠡ ᠭᠣᠷᠢᠯᠠᠭᠴᠢ ᠶᠢᠨ ᠰᠣᠩᠭᠣᠯᠲᠠ ᠶᠢ ᠬᠠᠷᠠᠭᠠᠯᠵᠠᠨ ᠹᠷᠠᠨᠼᠢ᠂ ᠶᠤᠮ ᠤᠤ ᠭᠧᠷᠮᠠᠨ ᠬᠡᠯᠡᠨ ᠦ ᠮᠡᠳᠡᠴᠡ ᠲᠣᠭᠲᠠᠭᠠᠬᠤ ᠰᠢᠯᠭᠠᠯᠲᠠ ᠪᠠᠶᠢᠨ᠎ᠠ᠄ ᠭᠤᠷᠪᠠ ᠳᠠᠬᠢ ᠨᠢ ᠰᠤᠷᠭᠠᠭᠤᠯᠢ ᠶᠢᠨ ᠪᠠᠭᠰᠢ ᠶᠢᠨ ᠨᠢᠭᠡ ᠬᠢᠴᠢᠶᠡᠯ ᠢᠶᠡᠷ ᠰᠣᠩᠭᠣᠵᠤ ᠥᠭᠭᠦᠭᠰᠡᠨ᠂ ᠡᠰᠡᠪᠡᠯ ᠭᠣᠷᠢᠯᠠᠭᠴᠢ ᠥᠪᠡᠷ ᠢᠶᠡᠨ ᠰᠣᠩᠭᠣᠵᠤ᠂ ᠬᠠᠮᠠᠭᠠᠯᠠᠯᠲᠠ ᠪᠣᠯᠬᠤ ᠠᠴᠠ ᠵᠢᠷᠭᠤᠭᠠᠨ ᠰᠠᠷ᠎ᠠ ᠠᠴᠠ ᠳᠣᠭᠣᠭᠰᠢ ᠦᠭᠡᠢ ᠬᠤᠭᠤᠴᠠᠭ᠎ᠠ ᠪᠠᠷ ᠪᠡᠯᠡᠳᠦᠭᠰᠡᠨ ᠳ᠋ᠢᠰᠰᠧᠷᠲ᠋ᠠᠼᠢ ᠬᠠᠮᠠᠭᠠᠯᠠᠬᠤ ᠰᠢᠯᠭᠠᠯᠲᠠ ᠭᠡᠵᠦ ᠪᠠᠶᠢᠨ᠎ᠠ᠄ ᠬᠡᠯᠡᠯᠴᠡᠭᠦᠯᠭᠡ ᠶᠢᠨ ᠦᠶ᠎ᠡ ᠳᠦ ᠭᠣᠷᠢᠯᠠᠭᠴᠢ ᠰᠤᠷᠭᠠᠭᠤᠯᠢ ᠶᠢᠨ ᠡᠷᠳᠡᠮᠲᠡᠳ ᠦᠨ ᠬᠤᠷᠠᠯ ᠳᠤ ᠥᠪᠡᠷ ᠦᠨ ᠰᠤᠳᠤᠯᠭᠠᠨ ᠤ ᠠᠵᠢᠯ᠂ ᠲᠡᠭᠦᠨ ᠦ ᠦᠨᠳᠦᠰᠦᠯᠡᠯ᠂ ᠳ᠋ᠦᠩᠨᠡᠯᠲᠡ ᠪᠡᠨ ᠲᠠᠨᠢᠯᠴᠠᠭᠤᠯᠵᠤ᠂ ᠬᠠᠮᠠᠭᠠᠯᠠᠨ᠎ᠠ᠃ ᠬᠡᠷᠪᠡ ᠠᠮᠵᠢᠯᠲᠠ ᠲᠠᠢ ᠬᠠᠮᠠᠭᠠᠯᠠᠭᠰᠠᠨ ᠲᠣᠬᠢᠶᠠᠯᠳᠤᠯ ᠳᠤ᠂ ᠹᠢᠯᠣᠰᠣᠹᠢ ᠶᠢᠨ ᠳ᠋ᠣᠺᠲ᠋ᠣᠷ ᠤᠨ ᠵᠡᠷᠭᠡ ᠣᠯᠭᠤᠨ᠎ᠠ᠃ ᠭᠡᠬᠦ ᠳᠦ ᠪᠡᠨ ᠭᠣᠷᠢᠯᠠᠭᠴᠢ ᠡᠷᠳᠡᠮᠲᠡᠳ ᠦᠨ ᠬᠤᠷᠠᠯ ᠠᠴᠠ ᠶᠠᠮᠠᠷ ᠣᠨᠣᠭ᠎ᠠ ᠠᠪᠤᠭᠰᠠᠨ ᠠᠴᠠ ᠬᠠᠮᠢᠶᠠᠷᠤᠨ cum laude ᠹᠢᠯᠣᠰᠣᠹᠢ ᠶᠢᠨ ᠳ᠋ᠣᠺᠲ᠋ᠣᠷ᠂ ᠡᠰᠡᠪᠡᠯ ᠶᠡᠬᠡ ᠥᠨᠳᠦᠷ ᠣᠨᠣᠭ᠎ᠠ ᠠᠪᠤᠭᠰᠠᠨ ᠲᠣᠬᠢᠶᠠᠯᠳᠤᠯ ᠳᠤ᠂ magna cum laude ᠳ᠋ᠣᠺᠲ᠋ᠣᠷ ᠤᠨ ᠵᠡᠷᠭᠡ ᠬᠦᠷᠲᠡᠭᠡᠨ᠎ᠡ᠃

3᠃ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠠᠺᠠᠳᠧᠮᠢ᠃
ᠡᠨᠡ ᠪᠣᠯ ᠭᠠᠳᠠᠭᠠᠳᠤ ᠶᠢᠨ ᠶᠡᠬᠡ᠂ ᠳᠡᠭᠡᠳᠦ ᠰᠤᠷᠭᠠᠭᠤᠯᠢ ᠳᠤ ᠮᠡᠷᠭᠡᠵᠢᠯ ᠳᠡᠭᠡᠭᠰᠢᠯᠡᠭᠦᠯᠦᠭᠰᠡᠨ᠂ ᠡᠰᠡᠪᠡᠯ ᠤᠯᠤᠰ ᠲᠥᠷᠦ ᠶᠢᠨ ᠰᠢᠨᠵᠢᠯᠡᠬᠦ ᠤᠬᠠᠭᠠᠨ ᠤ ᠰᠤᠷᠭᠠᠭᠤᠯᠢ ᠳᠤ ᠪᠠᠭ᠎ᠠ ᠳᠤ ᠪᠠᠨ ᠯᠠ ᠬᠣᠶᠠᠷ ᠵᠢᠯ ᠰᠤᠷᠤᠯᠴᠠᠭᠰᠠᠨ ᠤᠯᠤᠰ ᠲᠥᠷᠦ ᠶᠢᠨ ᠰᠢᠨᠵᠢᠯᠡᠬᠦ ᠤᠬᠠᠭᠠᠨ ᠶᠤᠮ ᠤᠤ ᠡᠷᠬᠡ ᠵᠦᠢ ᠶᠢᠨ ᠰᠢᠨᠵᠢᠯᠡᠬᠦ ᠤᠬᠠᠭᠠᠨ ᠤ ᠰᠤᠷᠭᠠᠭᠤᠯᠢ ᠶᠢᠨ ᠣᠶᠤᠲᠠᠨ᠂ ᠡᠷᠳᠡᠮᠲᠡᠨ ᠪᠠᠭᠰᠢ ᠨᠠᠷ᠂ ᠰᠤᠷᠭᠠᠭᠤᠯᠢ ᠶᠢᠨ ᠤᠳᠤᠷᠢᠳᠤᠯᠭ᠎ᠠ ᠠᠴᠠ ᠪᠦᠷᠢᠳᠦᠭᠰᠡᠨ ᠰᠠᠶᠢᠨ ᠳᠤᠷ᠎ᠠ ᠶᠢᠨ ᠨᠢᠭᠡᠳᠦᠯ ᠶᠤᠮ᠃ ᠠᠺᠠᠳᠧᠮᠢ ᠵᠢᠯ ᠪᠦᠷ ᠰᠢᠨ᠎ᠡ ᠭᠢᠰᠢ ᠨᠦᠭᠦᠳ ᠢᠶᠡᠷ ᠡᠩᠨᠡᠭᠡ ᠪᠡᠨ ᠥᠷᠭᠡᠳᠬᠡᠨ᠎ᠡ᠃ ᠲᠡᠭᠦᠨ ᠦ ᠵᠣᠷᠢᠯᠭ᠎ᠠ ᠨᠢ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠣᠨᠣᠯ᠂ ᠦᠵᠡᠯ ᠪᠠᠷᠢᠮᠲᠠᠯᠠᠯ ᠢ ᠬᠥᠭᠵᠢᠭᠦᠯᠬᠦ᠂ ᠲᠡᠭᠦᠯᠳᠡᠷᠵᠢᠭᠦᠯᠬᠦ ᠳᠦ ᠣᠷᠣᠰᠢᠨ᠎ᠠ᠃ ᠡᠨᠡ ᠪᠠᠶᠢᠭᠤᠯᠤᠯᠭ᠎ᠠ ᠨᠢ ᠮᠠᠨ ᠤ ᠲᠣᠭᠲᠠᠯᠴᠠᠭᠠᠨ ᠤ ᠦᠨᠳᠦᠰᠦᠨ ᠪᠦᠲᠦᠴᠡ ᠶᠤᠮ᠃ ᠲᠡᠭᠦᠨ ᠡᠴᠡ ᠮᠠᠨ ᠤ ᠠᠵᠢᠯ ᠤᠨ ᠦᠷ᠎ᠡ ᠳ᠋ᠦᠩ᠂ ᠠᠮᠵᠢᠯᠲᠠ ᠶᠡᠬᠡᠬᠡᠨ ᠰᠢᠯᠲᠠᠭᠠᠯᠠᠨ᠎ᠠ᠃ ᠠᠺᠠᠳᠧᠮᠢ ᠪᠣᠯ ᠬᠡᠮᠵᠢᠶ᠎ᠡ ᠬᠡᠲᠦᠷᠡᠵᠦ᠂ ᠬᠢᠨᠠᠯᠲᠠ ᠠᠴᠠ ᠭᠠᠷᠤᠭᠰᠠᠨ ᠣᠶᠤᠲᠠᠨ ᠢ ᠬᠠᠷᠠᠭᠠᠯᠵᠠᠬᠤ ᠪᠠᠶᠢᠭᠤᠯᠤᠯᠭ᠎ᠠ ᠣᠭᠲᠣ ᠠᠴᠠ ᠪᠢᠰᠢ ᠪᠥᠭᠡᠳ ᠡᠷᠳᠡᠮᠲᠡᠨ ᠰᠤᠳᠤᠯᠤᠭᠠᠴᠢᠳ ᠢ ᠬᠥᠭᠵᠢᠯ ᠢ ᠲᠡᠳᠭᠦᠬᠦ ᠪᠠᠶᠢᠩᠭᠤ ᠶᠢᠨ ᠦᠢᠯᠡ ᠠᠵᠢᠯᠯᠠᠭ᠎ᠠ ᠲᠠᠢ ᠪᠦᠲᠦᠴᠡ ᠪᠣᠯᠤᠨ᠎ᠠ᠄ ᠬᠣᠯᠪᠣᠭ᠎ᠠ ᠮᠠᠨ ᠤ ᠲᠣᠭᠲᠠᠯᠴᠠᠭᠠᠨ ᠤ ᠡᠯᠧᠮᠧᠨᠲ ᠨᠢᠭᠡ ᠪᠦᠷᠢ ᠶᠢᠨ ᠲᠠᠰᠤᠷᠠᠯᠲᠠ ᠦᠭᠡᠢ ᠬᠥᠭᠵᠢᠯ ᠦᠨ ᠬᠠᠩᠭᠠᠬᠤ ᠡᠭᠦᠷᠭᠡ ᠲᠡᠢ᠃ ᠰᠠᠯᠪᠠᠷ ᠲᠤ ᠪᠠᠨ ᠮᠡᠷᠭᠡᠰᠢᠨ ᠠᠵᠢᠯᠯᠠᠭᠴᠢ ᠬᠦᠮᠦᠨ ᠪᠦᠷᠢ ᠠᠺᠠᠳᠧᠮᠢ ᠶᠢᠨ ᠭᠡᠰᠢᠭᠦᠨ ᠪᠠᠶᠢᠬᠤ ᠶᠣᠰᠣᠲᠠᠢ᠃ ᠡᠭᠦᠨ ᠡᠴᠡ ᠭᠠᠳᠠᠨ᠎ᠠ᠂ ᠠᠺᠠᠳᠧᠮᠢ ᠶᠢᠨ ᠭᠡᠰᠢᠭᠦᠨ ᠵᠢᠯ ᠳᠦ ᠪᠠᠭ᠎ᠠ ᠪᠠᠷ ᠪᠣᠳᠣᠬᠤ ᠳᠤ᠂ ᠡᠷᠳᠡᠮᠲᠡᠳ ᠦᠨ ᠬᠤᠷᠠᠯ ᠢᠶᠠᠷ ᠬᠡᠯᠡᠯᠴᠡᠭᠦᠯᠦᠭᠰᠡᠨ ᠨᠢᠭᠡ ᠪᠦᠲᠦᠭᠡᠯ ᠨᠡᠶᠢᠲᠡᠯᠡᠭᠦᠯᠵᠦ ᠪᠠᠶᠢᠬᠤ ᠡᠭᠦᠷᠭᠡ ᠲᠡᠢ᠃ ᠠᠺᠠᠳᠧᠮᠢ ᠶᠢᠨ ᠭᠡᠰᠢᠭᠦᠨ ᠦ ᠪᠦᠲᠦᠭᠡᠯ ᠠᠺᠠᠳᠧᠮᠢ ᠶᠢᠨ ᠥᠮᠴᠢ ᠪᠥᠭᠡᠳ ᠨᠡᠶᠢᠲᠡ ᠭᠡᠰᠢᠭᠦᠳ ᠬᠦᠯᠢᠶᠡᠨ ᠵᠥᠪᠰᠢᠶᠡᠷᠡᠭᠰᠡᠨ ᠲᠣᠬᠢᠶᠠᠯᠳᠤᠯ ᠳᠤ ᠭᠠᠭᠴᠠᠬᠦ ᠨᠡᠶᠢᠲᠡ ᠶᠢᠨ ᠡᠷᠬᠡ ᠠᠰᠢᠭ ᠤᠨ ᠲᠥᠯᠦᠭᠡ ᠨᠡᠶᠢᠲᠡᠯᠡᠵᠦ ᠪᠣᠯᠤᠨ᠎ᠠ᠃ ᠬᠡᠪᠯᠡᠭᠳᠡᠭᠰᠡᠨ ᠪᠦᠲᠦᠭᠡᠯ ᠦᠳ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠨᠣᠮ ᠤᠨ ᠰᠠᠩ ᠤᠨ ᠠᠷᠬᠢᠸ ᠲᠤ ᠬᠠᠳᠠᠭᠠᠯᠠᠭᠳᠠᠵᠤ᠂ ᠪᠣᠯᠪᠠᠰᠤᠷᠠᠯ ᠤᠨ ᠦᠢᠯᠡᠴᠢᠯᠡᠭᠡᠨ ᠦ ᠡᠬᠢᠯᠡᠯ ᠪᠣᠯᠬᠤ ᠤᠴᠢᠷᠲᠠᠢ᠃ ᠠᠺᠠᠳᠧᠮᠢ ᠶᠢᠨ ᠭᠡᠰᠢᠭᠦᠳ ᠢ ᠲᠡᠦᠬᠡ᠂ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠪᠠᠭᠰᠢ ᠨᠠᠷ ᠠᠴᠠ ᠪᠦᠷᠢᠳᠦᠭᠦᠯᠬᠦ ᠪᠥᠭᠡᠳ ᠢᠩᠭᠢᠭᠰᠡᠨ ᠢᠶᠡᠷ ᠰᠤᠷᠭᠠᠯᠲᠠ᠂ ᠰᠤᠳᠤᠯᠭᠠᠨ ᠳᠤ ᠰᠢᠨᠡᠯᠢᠭ ᠠᠷᠭ᠎ᠠ᠂ ᠪᠠᠷᠢᠯ ᠨᠡᠪᠲᠡᠷᠡᠬᠦ᠂ ᠪᠢᠳᠡᠨ ᠦ ᠠᠵᠢᠯ ᠤᠶᠠᠯᠳᠤᠭ᠎ᠠ ᠬᠣᠯᠪᠣᠭᠠᠲᠠᠢ᠂ ᠪᠠᠶᠢᠩᠭᠤ ᠰᠠᠶᠢᠵᠢᠷᠠᠵᠤ ᠪᠠᠶᠢᠬᠤ ᠵᠥᠪ ᠬᠠᠨᠳᠤᠯᠭ᠎ᠠ ᠪᠥᠷᠢᠳᠬᠦ ᠶᠤᠮ᠃ ᠥᠭᠡᠷ᠎ᠡ ᠪᠡᠷ ᠬᠡᠯᠡᠪᠡᠯ᠂ ᠡᠨᠡ ᠨᠢ ᠲᠡᠭᠦᠰ᠂ ᠳᠡᠭᠡᠳᠦ ᠤᠳᠬ᠎ᠠ ᠪᠠᠷ ᠢᠶᠠᠨ ᠤᠯᠤᠰ ᠲᠥᠷᠦ ᠶᠢᠨ ᠰᠡᠳᠬᠢᠯᠭᠡᠨ ᠦ ᠰᠤᠷᠭᠠᠭᠤᠯᠢ ᠪᠣᠯᠬᠤ ᠪᠣᠯᠤᠮᠵᠢ ᠶᠢ ᠣᠯᠭᠤᠵᠤ ᠪᠤᠢ ᠬᠡᠷᠡᠭ ᠶᠤᠮ᠃ ᠴᠣᠬᠣᠮ ᠡᠭᠦᠨ ᠳᠦ ᠯᠠ ᠮᠠᠨ ᠤ ᠲᠣᠭᠲᠠᠯᠴᠠᠭᠠᠨ ᠳ᠋ᠠᠬᠢ ᠠᠺᠠᠳᠧᠮᠢ ᠶᠢᠨ ᠠᠴᠢ ᠬᠣᠯᠪᠣᠭᠳᠠᠯ᠂ ᠡᠭᠦᠷᠭᠡ ᠣᠷᠣᠰᠢᠨ᠎ᠠ᠃
4᠃ ᠤᠯᠤᠰ ᠲᠥᠷᠦ ᠶᠢᠨ ᠰᠢᠨᠵᠢᠯᠡᠬᠦ ᠤᠬᠠᠭᠠᠨ ᠤ ᠨᠣᠮ ᠤᠨ ᠰᠠᠩ᠃
ᠰᠢᠨᠵᠢᠯᠡᠬᠦ ᠤᠬᠠᠭᠠᠨ ᠤ ᠠᠷᠪᠢᠨ ᠰᠠᠩ ᠬᠥᠮᠦᠷᠢᠭᠡ ᠪᠦᠬᠦᠢ᠂ ᠦᠢᠯᠡᠴᠢᠯᠡᠭᠡ ᠦᠵᠡᠭᠦᠯᠦᠭᠴᠢ ᠨᠣᠮ ᠤᠨ ᠰᠠᠩ ᠨᠢ ᠶᠠᠮᠠᠷ ᠴᠤ ᠶᠡᠬᠡ ᠰᠤᠷᠭᠠᠭᠤᠯᠢ ᠶᠢᠨ ᠵᠠᠶᠢᠯᠠᠰᠢ ᠦᠭᠡᠢ ᠪᠦᠷᠢᠯᠳᠦᠬᠦᠨ ᠬᠡᠰᠡᠭ ᠪᠠᠶᠢᠳᠠᠭ᠃ ᠱᠤᠭᠤᠮ᠂ ᠬᠠᠷᠠᠨᠳᠠ ᠪᠠᠷ ᠵᠡᠪᠰᠡᠭᠯᠡᠭᠰᠡᠨ ᠠᠷᠬᠢᠲ᠋ᠧᠺᠲ᠋ᠣᠷᠴᠢ ᠬᠦᠮᠦᠨ ᠡᠴᠡ ᠲᠣᠮᠣ ᠪᠠᠷᠢᠯᠭ᠎ᠠ ᠪᠠᠷᠢᠬᠤ ᠶᠢ ᠱᠠᠭᠠᠷᠳᠠᠳᠠᠭ ᠦᠭᠡᠢ ᠲᠡᠢ ᠨᠢᠭᠡᠨ ᠠᠳᠠᠯᠢ ᠰᠤᠳᠤᠯᠭᠠᠨ ᠳᠤ ᠱᠠᠭᠠᠷᠳᠠᠯᠭ᠎ᠠ ᠲᠠᠢ ᠮᠠᠲ᠋ᠧᠷᠢᠶᠠᠯ᠂ ᠪᠡᠯᠡᠳᠴᠡ ᠬᠣᠪᠣᠷ ᠲᠠᠢ ᠦᠶ᠎ᠡ ᠳᠦ ᠰᠤᠳᠤᠯᠤᠭᠠᠴᠢ ᠠᠴᠠ ᠪᠦᠲᠦᠭᠡᠯ ᠭᠠᠷᠭᠠᠬᠤ ᠶᠢ ᠱᠠᠭᠠᠷᠳᠠᠬᠤ ᠨᠢ ᠤᠳᠬ᠎ᠠ ᠦᠭᠡᠢ ᠪᠢᠯᠡ᠃ ᠭᠡᠬᠦ ᠳᠦ ᠪᠡᠨ ᠰᠤᠳᠤᠯᠭᠠᠨ ᠤ ᠠᠵᠢᠯ ᠬᠢᠬᠦ ᠳᠦ ᠶᠡᠷᠦᠳᠡ ᠶᠢᠨ ᠨᠢᠭᠡ ᠰᠤᠷᠬᠤ ᠪᠢᠴᠢᠭ᠂ ᠬᠢᠯᠪᠠᠷᠰᠢᠭᠤᠯᠤᠭᠰᠠᠨ ᠭᠠᠷ ᠤᠨ ᠠᠪᠤᠯᠭ᠎ᠠ᠂ ᠳᠡᠭᠡᠵᠢ ᠪᠢᠴᠢᠭ ᠪᠠᠶᠢᠬᠤ ᠬᠠᠩᠭᠠᠯᠲᠠ ᠦᠭᠡᠢ᠃ ᠰᠤᠳᠤᠯᠤᠭᠠᠴᠢᠳ ᠲᠤ ᠲᠣᠳᠣᠷᠬᠠᠢ ᠡᠷᠡᠮᠪᠡ ᠳᠠᠷᠠᠭ᠎ᠠ ᠲᠠᠢ ᠪᠠᠷ ᠠᠰᠢᠭᠯᠠᠵᠤ᠂ ᠦᠵᠡᠭᠳᠡᠯ᠂ ᠦᠢᠯᠡ ᠶᠠᠪᠤᠴᠠ ᠶᠢ ᠤᠬᠠᠨ ᠣᠶᠢᠯᠠᠭᠠᠬᠤ ᠳᠤ ᠳᠥᠲᠡᠯᠡᠬᠦ ᠠᠩᠬᠠᠳᠠᠭᠴᠢ ᠡᠬᠢ ᠰᠤᠷᠪᠤᠯᠵᠢ ᠵᠠᠶᠢᠯᠠᠰᠢ ᠦᠭᠡᠢ ᠱᠠᠭᠠᠷᠳᠠᠯᠭ᠎ᠠ ᠲᠠᠢ᠃ ᠬᠠᠷᠠᠮᠰᠠᠯᠲᠠᠢ ᠨᠢ᠂ ᠨᠡᠶᠢᠲᠡ ᠶᠢᠨ ᠨᠣᠮ ᠤᠨ ᠰᠠᠩ ᠳᠤ ᠬᠠᠳᠠᠭᠠᠯᠠᠭᠳᠠᠬᠤ ᠤᠩᠰᠢᠵᠤ᠂ ᠰᠤᠳᠤᠯᠬᠤ ᠵᠦᠢᠯᠡᠰ ᠪᠠᠶᠢᠳᠠᠭ ᠠᠴᠠ ᠶᠡᠬᠡ ᠰᠤᠷᠭᠠᠭᠤᠯᠢ ᠶᠢᠨ ᠨᠣᠮ ᠤᠨ ᠰᠠᠩ ᠳᠤ ᠡᠶᠢᠮᠦ ᠵᠦᠢᠯ ᠬᠣᠪᠣᠷ ᠪᠠᠶᠢᠨ᠎ᠠ᠃ ᠶᠡᠬᠡ ᠰᠤᠷᠭᠠᠭᠤᠯᠢ ᠶᠢᠨ ᠨᠣᠮ ᠤᠨ ᠰᠠᠩ ᠤᠨ ᠭᠣᠣᠯ ᠵᠣᠷᠢᠯᠭ᠎ᠠ ᠨᠢ ᠦᠨᠳᠦᠰᠦᠨ ᠬᠠᠤᠯᠢ᠂ ᠵᠠᠰᠠᠭ ᠤᠨ ᠭᠠᠵᠠᠷ ᠤᠨ ᠲᠣᠭᠲᠠᠭᠠᠯ᠂ ᠵᠢᠷᠤᠮ᠂ ᠬᠠᠤᠯᠢ ᠲᠣᠭᠲᠠᠭᠠᠬᠤ ᠬᠤᠷᠠᠯ ᠤᠨ ᠬᠡᠯᠡᠯᠴᠡᠭᠦᠯᠭᠡ᠂ ᠨᠡᠶᠢᠲᠡ ᠶᠢᠨ ᠡᠷᠬᠡ ᠵᠦᠢ ᠶᠢᠨ ᠠᠰᠠᠭᠤᠳᠠᠯᠠᠷᠠᠬ ᠰᠢᠭᠦᠬᠦ ᠶᠢᠨ ᠰᠢᠢᠳᠪᠦᠷᠢ᠂ ᠣᠯᠠᠨ ᠤᠯᠤᠰ ᠤᠨ ᠬᠠᠷᠢᠯᠴᠠᠭᠠᠨ ᠤ ᠪᠠᠷᠢᠮᠲᠠ ᠪᠢᠴᠢᠭ᠂ ᠱᠠᠰᠢᠳᠠᠷ᠂ ᠵᠠᠰᠠᠭ ᠤᠨ ᠭᠠᠵᠠᠷ ᠤᠨ ᠺᠣᠮᠢᠰ ᠤᠨ ᠲᠠᠶᠢᠯᠤᠨ᠂ ᠬᠤᠳᠠᠯᠳᠤᠭᠠᠨ ᠤ ᠲᠠᠩᠬᠢᠮ᠂ ᠦᠢᠯᠡᠳᠪᠦᠷᠢ᠂ ᠬᠥᠳᠡᠭᠡ ᠠᠵᠤ ᠠᠬᠤᠢ᠂ ᠡᠷᠡᠭᠦᠯ ᠬᠠᠮᠠᠭᠠᠯᠠᠯ ᠤᠨ ᠬᠤᠷᠠᠯ᠂ ᠵᠥᠪᠯᠡᠭᠡᠨ᠂ ᠣᠯᠠᠨ ᠤᠯᠤᠰ ᠤᠨ ᠬᠤᠷᠠᠯ᠂ ᠤᠯᠤᠰ ᠲᠥᠷᠥ ᠶᠢᠨ ᠬᠤᠷᠠᠯ᠂ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠠᠺᠠᠳᠧᠮᠢ᠂ ᠬᠣᠯᠪᠣᠭᠠᠨ ᠤ ᠰᠡᠳᠬᠦᠯ᠂ ᠲᠡᠦᠬᠡᠨ ᠪᠠᠷᠢᠮᠲᠠ᠂ ᠲᠥᠷᠥ ᠶᠢᠨ ᠮᠡᠳᠡᠯ ᠦᠨ ᠬᠡᠪᠯᠡᠯ᠂ ᠮᠡᠳᠡᠭᠡᠯᠡᠯ᠂ ᠰᠣᠨᠢᠨ ᠰᠡᠳᠬᠦᠯ ᠦᠨ ᠲᠣᠶᠢᠮᠣ ᠵᠡᠷᠭᠡ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢᠨ ᠪᠦᠬᠦ ᠲᠥᠷᠥᠯ ᠢᠶᠡᠷ ᠡᠬᠢ ᠰᠤᠷᠪᠤᠯᠵᠢ ᠴᠤᠭᠯᠠᠭᠤᠯᠵᠤ᠂ ᠠᠩᠭᠢᠯᠠᠬᠤ᠂ ᠬᠠᠳᠠᠭᠠᠯᠠᠵᠤ᠂ ᠦᠢᠯᠡᠴᠢᠯᠡᠭᠡ ᠦᠵᠡᠭᠦᠯᠬᠦ ᠳᠦ ᠣᠷᠣᠰᠢᠨ᠎ᠠ᠃ ᠡᠨᠡ ᠮᠡᠲᠦᠴᠢᠯᠠᠨ ᠳᠥᠷᠪᠡᠨ ᠵᠢᠯ ᠦᠨ ᠡᠮᠦᠨ᠎ᠡ ᠡᠴᠡ ᠪᠢᠳᠡ ᠪᠦᠬᠦᠨ ᠬᠢᠴᠢᠶᠡᠯ ᠵᠢᠳᠬᠦᠯ ᠭᠠᠷᠭᠠᠵᠤ ᠠᠵᠢᠯᠯᠠᠭᠰᠠᠨ ᠤ ᠦᠷ᠎ᠡ ᠳ᠋ᠦᠩ ᠳᠦ ᠮᠠᠨ ᠤ ᠤᠯᠤᠰ ᠲᠥᠷᠦ ᠶᠢᠨ ᠰᠢᠨᠵᠢᠯᠡᠬᠦ ᠤᠬᠠᠭᠠᠨ ᠤ ᠨᠣᠮ ᠤᠨ ᠰᠠᠩ ᠤᠨ ᠦᠢᠯᠡ ᠠᠵᠢᠯᠯᠠᠭ᠎ᠠ ᠲᠠᠰᠤᠷᠠᠯᠲᠠ ᠦᠭᠡᠢ ᠰᠠᠶᠢᠵᠢᠷᠠᠵᠤ ᠪᠠᠶᠢᠨ᠎ᠠ᠃ ᠪᠤᠰᠤᠳ ᠤᠨ ᠰᠠᠶᠢᠬᠠᠨ ᠰᠡᠳᠬᠢᠯ᠂ ᠬᠠᠨᠳᠢᠪ ᠲᠤᠰᠠᠯᠠᠮᠵᠢ ᠶᠢᠨ ᠠᠴᠢ ᠪᠠᠷ ᠠᠮᠧᠷᠢᠺᠠ ᠶᠢᠨ ᠨᠢᠭᠡᠳᠦᠭᠰᠡᠨ ᠤᠯᠤᠰ᠂ ᠠᠩᠭᠯᠢ᠂ ᠹᠷᠠᠨᠼᠢ᠂ ᠭᠧᠷᠮᠠᠨ᠂ ᠠᠦᠢᠰᠲᠷᠢ᠂ ᠢᠲᠠᠯᠢ ᠵᠡᠷᠭᠡ ᠣᠷᠣᠨ ᠨᠤᠭᠤᠳ ᠠᠴᠠ ᠰᠤᠳᠤᠯᠭᠠᠨ ᠤ ᠠᠩᠬᠠᠳᠠᠭᠴᠢ ᠡᠬᠢ ᠰᠤᠷᠪᠤᠯᠵᠢ ᠠᠪᠴᠢᠷᠠᠭᠰᠠᠭᠠᠷ ᠪᠠᠶᠢᠨ᠎ᠠ᠃ ᠴᠤᠭᠯᠠᠭᠤᠯᠤᠭᠰᠠᠨ ᠠᠩᠬᠠᠳᠠᠭᠴᠢ ᠡᠬᠢ ᠰᠤᠷᠪᠤᠯᠵᠢ ᠶᠢᠨ ᠳᠡᠶᠢᠯᠦᠩᠬᠢ ᠬᠡᠰᠡᠭ ᠰᠤᠳᠤᠯᠭᠠᠨ ᠤ ᠡᠷᠭᠢᠯᠲᠡ ᠳᠦ ᠣᠷᠣᠵᠤ᠂ ᠪᠢᠳᠡ ᠴᠤ ᠴᠢᠳᠠᠬᠤ ᠶᠢᠨ ᠬᠢᠷᠢ ᠪᠡᠷ ᠨᠣᠮ ᠤᠨ ᠰᠠᠩ ᠤᠨ ᠪᠠᠭᠲᠠᠭᠠᠮᠵᠢ ᠪᠠᠨ ᠨᠡᠮᠡᠭᠳᠡᠭᠦᠯᠦᠭᠰᠡᠭᠡᠷ ᠪᠠᠶᠢᠨ᠎ᠠ᠃ ᠤᠯᠤᠰ ᠲᠥᠷᠥ ᠶᠢᠨ ᠰᠢᠨᠵᠢᠯᠡᠬᠦ ᠤᠬᠠᠭᠠᠨ ᠤ ᠰᠤᠷᠭᠠᠭᠤᠯᠢ ᠶᠢᠨ ᠣᠶᠤᠲᠠᠨ ᠨᠤᠭᠤᠳ ᠲᠠᠢ ᠲᠠᠨᠢᠯᠴᠠᠭᠤᠯᠬᠤ ᠶᠢᠨ ᠵᠡᠷᠭᠡᠴᠡᠭᠡ ᠠᠺᠠᠳᠧᠮᠢ ᠶᠢᠨ ᠭᠡᠰᠢᠭᠦᠳ ᠲᠦ ᠬᠡᠷᠡᠭᠯᠡᠭᠦᠯᠵᠦ᠂ ᠰᠢᠨ᠎ᠡ ᠰᠢᠨ᠎ᠡ ᠪᠦᠲᠦᠭᠡᠯ ᠬᠡᠪᠯᠡᠭᠳᠡᠨ ᠭᠠᠷᠴᠤ ᠪᠠᠶᠢᠭ᠎ᠠ ᠪᠥᠭᠡᠳ ᠮᠠᠨ ᠤ ᠨᠣᠮ ᠤᠨ ᠰᠠᠩ ᠤᠨ ᠦᠢᠯᠡ ᠠᠵᠢᠯᠯᠠᠭ᠎ᠠ ᠴᠤ ᠥᠷᠭᠡᠵᠢᠬᠦ ᠪᠣᠯᠤᠭᠰᠠᠨ᠃
ᠡᠨᠡ ᠪᠣᠯ ᠵᠢᠷᠭᠤᠭᠠᠨ ᠵᠢᠯ ᠦᠨ ᠲᠤᠷᠰᠢᠳᠠ ᠪᠤᠢ ᠪᠣᠯᠭᠠᠭᠰᠠᠨ ᠺᠣᠯᠤᠮᠪᠤ ᠶᠢᠨ ᠺᠣᠯᠯᠧᠵᠢ ᠳ᠋ᠠᠬᠢ ᠤᠯᠤᠰ ᠲᠥᠷᠦ ᠶᠢᠨ ᠰᠢᠨᠵᠢᠯᠡᠬᠦ ᠤᠬᠠᠭᠠᠨ ᠢ ᠰᠤᠳᠤᠯᠬᠤ ᠰᠤᠷᠭᠠᠯᠲᠠ ᠶᠢᠨ ᠲᠣᠭᠲᠠᠯᠴᠠᠭ᠎ᠠ ᠶᠤᠮ᠄ ᠶᠠᠭᠤᠨ ᠤ ᠤᠷᠢᠳ᠂ ᠡᠨᠡᠬᠦ ᠦᠭᠦᠯᠡᠯ ᠳᠦ ᠰᠠᠨᠠᠯ᠂ ᠰᠢᠭᠦᠮᠵᠢ ᠬᠠᠶᠢᠷᠠᠯᠠᠵᠤ᠂ ᠬᠠᠮᠲᠤᠷᠠᠨ ᠬᠡᠪᠯᠡᠭᠦᠯᠬᠦ ᠳᠦ ᠲᠤᠰᠠᠯᠠᠭᠰᠠᠨ ᠡᠷᠬᠢᠮ ᠨᠥᠬᠥᠳ ᠲᠦ ᠭᠦᠨ ᠲᠠᠯᠠᠷᠬᠠᠯ ᠢᠯᠡᠷᠬᠡᠶᠢᠯᠡᠬᠦ ᠶᠢ ᠬᠦᠰᠴᠢ ᠪᠠᠶᠢᠨ᠎ᠠ᠃

ᠡᠬᠢ ᠰᠤᠷᠪᠤᠯᠵᠢ ᠶᠢᠨ ᠵᠢᠭᠰᠠᠭᠠᠯᠲᠠ
Albert Somit ᠂ ᠊ Joseph Tanenhaus᠃ (1967). The Development of
American Political Science; from Burgess to behavioralism. New York᠄ Allyn and Bacon᠃
Burgess᠂ J. W᠃ (1882). The Study of Political Sciences in Columbia College. The International Review᠂ Vol. XII
John William Burgess᠃ (2016᠂ August 26). Retrieved from www.wikipedia.org᠄ https᠄//en.m.wikipedia.org/wiki/JohnBurgess(politicalscientist)
Берджесс, Д. У. (January 2016)᠃ Изучение политических наук в Колумбийском колледже. Judgment Journal of Political Outlook᠂ Vol. I᠂ No᠃ 2᠃

ᠤᠳᠬᠠᠴᠢᠯᠠᠵᠤ᠂ ᠨᠠᠶᠢᠷᠠᠭᠤᠯᠤᠭᠰᠠᠨ ᠤᠳᠤᠷᠢᠳᠤᠯᠭ᠎ᠠ ᠶᠢᠨ ᠠᠺᠠᠳᠧᠮᠢ ᠶᠢᠨ ᠳ᠋ᠣᠺᠲ᠋ᠣᠷᠠᠨᠲ ᠨᠢᠮ᠎ᠠ ᠶᠢᠨ ᠣᠳᠬᠣᠨᠪᠠᠶᠠ
No comments:
Post a Comment